ᠭᠤᠣᠯ ᠤᠨ ᠪᠠᠶᠢᠰᠢᠩ ᠪᠠᠯᠭᠠᠰᠤ ᠶᠠᠳᠠᠭᠤ ᠠᠴᠠ ᠠᠩᠭᠢᠵᠢᠷᠠᠭᠤᠯᠬᠤ ᠬᠥᠮᠦᠨ ᠠᠮᠠ ᠶᠢᠨ ᠠᠮᠢ ᠠᠬᠤᠢ ᠶᠢᠨ ᠣᠢ ᠬᠠᠮᠠᠭᠠᠯᠠᠭᠴᠢ ᠶᠢᠨ APP ᠰᠦᠯᠵᠢᠶᠡᠨ ᠳᠤ ᠭᠠᠷᠤᠭᠰᠠᠨ ᠨᠣᠷᠮ᠎ᠠ ᠶᠢ ᠳᠡᠭᠡᠭᠰᠢᠯᠡᠭᠦᠯᠬᠦ ᠲᠤᠰᠬᠠᠢ ᠠᠵᠢᠯᠯᠠᠭ᠎ᠠ ᠶᠢᠨ ᠳᠠᠶᠢᠴᠢᠯᠠᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/19
   ᠣᠢ ᠰᠢᠭᠤᠢ ᠬᠠᠮᠠᠭᠠᠯᠠᠭᠴᠢ ᠶᠢᠨ ᠡᠳᠦᠷ ᠲᠤᠲᠤᠮ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠣᠢ ᠰᠢᠭᠤᠢ ᠬᠠᠮᠠᠭᠠᠯᠠᠭᠴᠢ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠶᠢᠨ ᠲᠥᠯᠥᠭᠡ᠃ 4 ᠰᠠᠷ᠎ᠠ ᠶᠢᠨ 18᠎ ᠤ ᠡᠳᠦᠷ᠂ ᠠᠶᠢᠮᠠᠭ ᠤᠨ ᠣᠢ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠶᠢᠨ ᠰᠢᠦᠢ ᠵᠢᠶᠠᠨ ᠨᠠᠷ ᠭᠤᠣᠯ ᠤᠨ ᠪᠠᠶᠢᠰᠢᠩ ᠪᠠᠯᠭᠠᠰᠤᠨ ᠳᠤ ᠭᠦᠨᠵᠡᠭᠡᠶᠢᠷᠡᠨ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠠᠮᠢ ᠠᠬᠤᠢ ᠶᠢᠨ ᠣᠢ ᠰᠢᠭᠤᠢ ᠬᠠᠮᠠᠭᠠᠯᠠᠭᠴᠢ ᠶᠢᠨ APP᠎ ᠶᠢ ᠲᠣᠭᠤᠷᠢᠨ ᠬᠠᠮᠠᠭᠠᠯᠠᠬᠤ ᠨᠣᠷᠮ᠎ᠠ ᠶᠢ ᠳᠡᠭᠡᠭᠰᠢᠯᠡᠭᠦᠯᠬᠦ ᠲᠤᠰᠬᠠᠢ ᠠᠵᠢᠯᠯᠠᠭ᠎ᠠ ᠶᠢᠨ ᠳᠠᠶᠢᠴᠢᠯᠠᠯᠲᠠ ᠶᠢᠨ ᠬᠤᠷᠠᠯ ᠬᠤᠷᠠᠯᠳᠤᠭᠤᠯᠪᠠ᠃    ᠳᠠᠶᠢᠴᠢᠯᠠᠯᠲᠠ ᠶᠢᠨ ᠬᠤᠷᠠᠯ ᠳᠡᠭᠡᠷ᠎ᠡ᠂ ᠰᠢᠦᠢ ᠵᠢᠶᠠᠨ ᠨᠠᠷ ︽ᠨᠢᠭᠤᠷᠳᠠᠬᠤ︾ ︽ᠭᠠᠷ︾᠎ ᠤᠨ ᠬᠡᠯᠪᠡᠷᠢ ᠪᠠᠷ ᠳᠠᠮᠵᠢᠭᠤᠯᠤᠨ᠂ ᠠᠮᠢ ᠠᠬᠤᠢ ᠶᠢᠨ ᠣᠢ ᠰᠢᠭᠤᠢ ᠬᠠᠮᠠᠭᠠᠯᠠᠭᠴᠢ ᠶᠢᠨ APP᠎ ᠶᠢ ᠤᠭᠰᠠᠷᠠᠬᠤ᠂ ᠳᠠᠩᠰᠠᠯᠠᠬᠤ᠂ ᠲᠣᠭᠤᠷᠢᠨ ᠬᠠᠮᠠᠭᠠᠯᠠᠬᠤ᠂ ᠳᠠᠮᠵᠢᠭᠤᠯᠬᠤ ᠵᠠᠮ ᠮᠥᠷ᠂ ᠠᠵᠢᠯ ᠳᠤ ᠭᠠᠷᠬᠤ ᠶᠢ ᠰᠢᠯᠭᠠᠬᠤ ᠵᠡᠷᠭᠡ ᠠᠵᠢᠯᠯᠠᠭ᠎ᠠ ᠳᠤ ᠨᠠᠷᠢᠨ ᠨᠢᠮᠪᠠᠢ᠂ ᠪᠦᠬᠦ ᠲᠠᠯ᠎ᠠ ᠶᠢᠨ ᠲᠠᠶᠢᠯᠤᠮᠵᠢ ᠬᠢᠬᠦ ᠶᠢᠨ ᠬᠠᠮᠲᠤ ᠲᠣᠭᠤᠷᠢᠨ ᠬᠠᠮᠠᠭᠠᠯᠠᠬᠤ ᠡᠳᠦᠷ ᠤᠨ ᠲᠡᠮᠳᠡᠭᠯᠡᠯ ᠢ ᠲᠠᠭᠯᠠᠨ ᠪᠢᠴᠢᠬᠦ ᠱᠠᠭᠠᠷᠳᠠᠯᠭ᠎ᠠ ᠳᠤ ᠪᠣᠯᠪᠠᠰᠤᠷᠠᠭᠤᠯᠤᠯ ᠬᠢᠵᠦ᠂ ᠠᠮᠢ ᠠᠬᠤᠢ ᠶᠢᠨ ᠣᠢ ᠰᠢᠭᠤᠢ ᠬᠠᠮᠠᠭᠠᠯᠠᠭᠴᠢ ᠶᠢᠨ APP᠎ ᠪᠠᠷ ᠣᠢ ᠰᠢᠭᠤᠢ ᠶᠢ ᠴᠠᠭᠳᠠᠨ ᠪᠠᠶᠢᠴᠠᠭᠠᠬᠤ ᠶᠢ ᠣᠶᠢᠯᠠᠭᠠᠬᠤ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠃    ᠲᠤᠰ ᠤᠳᠠᠭᠠᠨ ᠤ ᠪᠣᠯᠪᠠᠰᠤᠷᠠᠯ ᠤᠨ ᠬᠤᠷᠠᠯ ᠢᠶᠠᠷ ᠳᠠᠮᠵᠢᠨ᠂ ᠠᠮᠢ ᠠᠬᠤᠢ ᠶᠢᠨ ᠣᠢ ᠰᠢᠭᠤᠢ ᠬᠠᠮᠠᠭᠠᠯᠠᠭᠴᠢᠳ APP᠎ ᠶᠢ ᠲᠣᠭᠤᠷᠢᠨ ᠬᠠᠮᠠᠭᠠᠯᠠᠬᠤ ᠲᠤᠬᠠᠢ ᠨᠡᠩ ᠭᠦᠨᠵᠡᠭᠡᠢ ᠲᠠᠨᠢᠯᠲᠠ ᠪᠠ ᠣᠶᠢᠯᠠᠭᠠᠯᠲᠠ ᠲᠠᠢ ᠪᠣᠯᠵᠤ᠂ ᠲᠣᠭᠤᠷᠢᠨ ᠬᠠᠮᠠᠭᠠᠯᠠᠬᠤ ᠠᠵᠢᠯ ᠤᠨ ᠦᠷ᠎ᠡ ᠪᠦᠲᠦᠮᠵᠢ ᠪᠠ ᠣᠨᠣᠪᠴᠢᠲᠤ ᠴᠢᠨᠠᠷ ᠢ ᠪᠦᠲᠦᠮᠵᠢᠲᠡᠢ ᠳᠡᠭᠡᠭᠰᠢᠯᠡᠭᠦᠯᠵᠦ ᠴᠢᠳᠠᠨ᠎ᠠ
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号