ᠬᠠᠪᠤᠷ ᠤᠨ ᠤᠯᠠᠷᠢᠯ ᠳᠤ ᠬᠤᠯᠤᠭᠠᠨ᠎ᠠ ᠶᠢ ᠤᠰᠠᠳᠬᠠᠬᠤ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2024/4/19
   ᠬᠠᠪᠤᠷ ᠤᠨ ᠤᠯᠠᠷᠢᠯ ᠤᠨ ᠡᠪᠡᠳᠴᠢᠨ ᠤ ᠵᠠᠭᠤᠴᠢ ᠠᠮᠢᠳᠤ ᠪᠣᠳᠠᠰ ᠤᠨ ᠡᠭᠦᠰᠬᠦ ᠶᠢ ᠪᠦᠲᠦᠮᠵᠢᠲᠡᠢ ᠰᠡᠷᠭᠡᠶᠢᠯᠡᠨ ᠬᠢᠵᠠᠭᠠᠷᠯᠠᠵᠤ᠂ ᠬᠠᠯᠳᠠᠪᠤᠷᠢᠲᠤ ᠡᠪᠡᠳᠴᠢᠨ ᠡᠭᠦᠰᠬᠦ ᠶᠢ ᠤᠷᠢᠳᠴᠢᠯᠠᠨ ᠰᠡᠷᠭᠡᠶᠢᠯᠡᠵᠦ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠭᠦᠨᠵᠡᠭᠡᠢ ᠥᠷᠨᠢᠬᠦ ᠶᠢ ᠦᠷᠭᠦᠯᠵᠢᠯᠡᠨ ᠠᠬᠢᠭᠤᠯᠬᠤ ᠶᠢᠨ ᠲᠥᠯᠥᠭᠡ᠂ ᠣᠶᠢᠷ᠎ᠠ ᠳᠤ᠂ ᠪᠠᠶᠠᠨᠬᠤᠰᠢᠭᠤ ᠪᠠᠯᠭᠠᠰᠤ ᠬᠠᠪᠤᠷ ᠤᠨ ᠤᠯᠠᠷᠢᠯ ᠤᠨ ᠬᠤᠯᠤᠭᠠᠨ᠎ᠠ ᠤᠰᠠᠳᠬᠠᠬᠤ ᠨᠢᠭᠡᠳᠦᠯᠲᠡᠢ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃    ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠵᠤ᠂ ᠡᠪᠡᠳᠴᠢᠨ ᠳᠠᠮᠵᠢᠭᠤᠯᠬᠤ ᠣᠷᠴᠢᠨ ᠲᠣᠭᠤᠷᠢᠨ ᠢ ᠪᠠᠭᠠᠰᠬᠠᠨ᠎ᠠ᠃ ᠡᠮᠦᠨᠡᠬᠢ ᠬᠤᠭᠤᠴᠠᠭᠠᠨ ᠤ ᠥᠷᠨᠢᠭᠦᠯᠦᠭᠰᠡᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯᠯᠠᠭ᠎ᠠ ᠲᠠᠢ ᠤᠶᠠᠯᠳᠤᠭᠤᠯᠤᠨ᠂ ᠠᠮᠢᠳᠤᠷᠠᠯ ᠤᠨ ᠬᠤᠭ ᠨᠣᠪᠰᠢ ᠶᠢ ᠳᠤᠷ᠎ᠠ ᠪᠠᠷ ᠢᠶᠠᠨ ᠣᠪᠣᠭᠠᠯᠠᠵᠤ ᠳᠤᠷ᠎ᠠ ᠪᠠᠷ ᠢᠶᠠᠨ ᠲᠠᠯᠪᠢᠵᠤ᠂ ᠬᠠᠷᠢᠶ᠎ᠠ ᠣᠷᠣᠨ ᠤ ᠣᠷᠴᠢᠨ ᠲᠣᠭᠤᠷᠢᠨ ᠤ ᠠᠷᠢᠭᠤᠨ ᠴᠡᠪᠡᠷ ᠢ ᠪᠤᠵᠠᠷ ᠪᠤᠷᠲᠠᠭ᠂ ᠡᠷᠦᠢ ᠬᠤᠷᠤᠢ ᠦᠭᠡᠢ᠂ ᠪᠠᠷᠤᠭᠲᠠᠢ ᠭᠤᠣᠯᠳᠠᠯᠭ᠎ᠠ ᠲᠠᠢ ᠣᠷᠣᠨ ᠪᠦᠰᠡ ᠳᠤ ᠴᠡᠭᠴᠡᠯᠡᠨ ᠵᠠᠰᠠᠯᠲᠠ ᠥᠷᠨᠢᠭᠦᠯᠵᠦ᠂ ᠬᠤᠭ ᠨᠣᠪᠰᠢ ᠶᠢ ᠴᠡᠪᠡᠷᠯᠡᠨ ᠲᠡᠭᠡᠭᠡᠪᠦᠷᠢᠯᠡᠬᠦ ᠤᠳᠠᠭ᠎ᠠ ᠶᠢ ᠨᠡᠮᠡᠭᠳᠡᠭᠦᠯᠦᠨ᠂ ᠲᠣᠮᠣ ᠬᠡᠯᠪᠡᠷᠢ ᠶᠢᠨ ᠮᠠᠰᠢᠨ ᠢ ᠬᠥᠳᠡᠯᠭᠡᠨ ᠬᠤᠭ ᠨᠣᠪᠰᠢ ᠪᠤᠯᠠᠬᠤ ᠲᠠᠯᠠᠪᠠᠢ ᠶᠢ ᠴᠠᠭ ᠲᠤᠬᠠᠢ ᠳᠤᠨᠢ ᠰᠢᠢᠳᠪᠦᠷᠢᠯᠡᠬᠦ ᠶᠢᠨ ᠬᠠᠮᠲᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠬᠡᠪᠰᠢᠭᠰᠡᠨ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠤᠯᠤᠭᠠᠨ᠎ᠠ ᠶᠢᠨ ᠲᠥᠷᠥᠯ ᠤᠨ ᠣᠷᠣᠰᠢᠨ ᠰᠠᠭᠤᠬᠤ ᠭᠠᠵᠠᠷ ᠢ ᠪᠠᠭᠠᠰᠬᠠᠨ᠂ ᠡᠯ᠎ᠡ ᠲᠥᠷᠥᠯ ᠤᠨ ᠡᠪᠡᠳᠴᠢᠨ ᠡᠮᠭᠡᠭ ᠡᠭᠦᠰᠬᠦ ᠪᠠ ᠳᠡᠯᠭᠡᠷᠡᠬᠦ ᠶᠢ ᠡᠬᠢ ᠡᠭᠦᠰᠦᠯ ᠠᠴᠠ ᠨᠢ ᠬᠤᠷᠢᠭᠯᠠᠬᠤ ᠬᠡᠷᠡᠭᠲᠡᠢ᠃ ᠡᠭᠦᠨ ᠠᠴᠠ ᠭᠠᠳᠠᠨ᠎ᠠ᠂ ᠪᠠᠯᠭᠠᠰᠤᠨ ᠤ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠯᠪᠠᠨ ᠭᠡᠷ ᠣᠷᠴᠢᠨ ᠲᠣᠭᠤᠷᠢᠨ ᠤ ᠠᠷᠢᠭᠤᠨ ᠴᠡᠪᠡᠷ ᠤᠨ ᠡᠳᠦᠷ ᠲᠤᠲᠤᠮ ᠤᠨ ᠬᠢᠨᠠᠨ ᠵᠢᠯᠣᠭᠤᠳᠴᠤ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠪᠠᠶᠢᠴᠠᠭᠠᠬᠤ ᠶᠠᠪᠤᠴᠠ ᠳᠤ ᠢᠯᠡᠷᠡᠭᠦᠯᠦᠭᠰᠡᠨ ᠠᠷᠢᠭᠤᠨ ᠴᠡᠪᠡᠷ ᠤᠨ ᠠᠰᠠᠭᠤᠳᠠᠯ ᠳᠤ ᠴᠢᠭᠯᠡᠭᠦᠯᠦᠨ ᠂ ᠲᠡᠷᠡ ᠳᠠᠷᠤᠢ ᠳᠤᠨᠢ ᠴᠡᠭᠴᠡᠯᠡᠨ ᠰᠠᠶᠢᠵᠢᠷᠠᠭᠤᠯᠵᠤ᠂ ᠰᠡᠷᠭᠡᠶᠢᠯᠡᠬᠦ ᠠᠵᠢᠯ ᠤᠨ ᠨᠠᠶᠢᠳᠠᠪᠤᠷᠢᠵᠢᠭᠤᠯᠤᠯᠲᠠ ᠶᠢ ᠨᠠᠷᠢᠨ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃    ᠰᠡᠷᠭᠡᠶᠢᠯᠡᠬᠦ ᠲᠥᠬᠦᠭᠡᠷᠦᠮᠵᠢ ᠤᠭᠰᠠᠷᠠᠵᠤ᠂ ᠡᠪᠡᠳᠴᠢᠨ ᠤ ᠵᠠᠭᠤᠴᠢ ᠠᠮᠢᠳᠤ ᠪᠣᠳᠠᠰ ᠤᠨ ᠦᠷᠡᠵᠢᠯᠲᠡ ᠶᠢ ᠬᠤᠷᠢᠭᠯᠠᠨ᠎ᠠ᠃ ᠡᠯ᠎ᠡ ᠭᠠᠴᠠᠭ᠎ᠠ ᠨᠢ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠰᠠᠷ᠎ᠠ ᠪᠠ ᠬᠠᠪᠤᠷ ᠤᠨ ᠤᠯᠠᠷᠢᠯ ᠤᠨ ᠬᠤᠯᠤᠭᠠᠨ᠎ᠠ ᠤᠰᠠᠳᠬᠠᠬᠤ ᠠᠵᠢᠯ ᠤᠨ ᠱᠠᠭᠠᠷᠳᠠᠯᠭ᠎ᠠ ᠲᠠᠢ ᠤᠶᠠᠯᠳᠤᠭᠤᠯᠤᠨ᠂ ᠵᠡᠭᠡᠯᠢ ᠭᠤᠳᠤᠮᠵᠢ ᠶᠢᠨ ᠡᠷᠡᠭᠦᠯ ᠬᠠᠮᠠᠭᠠᠯᠠᠯ ᠤᠨ ᠦᠯᠦ ᠣᠨᠣᠭᠳᠠᠬᠤ ᠭᠠᠵᠠᠷ ᠢ ᠠᠷᠢᠯᠭᠠᠬᠤ᠂ ᠬᠤᠯᠤᠭᠠᠨ᠎ᠠ ᠶᠢᠨ ᠨᠦᠬᠡ ᠶᠢ ᠤᠰᠠᠳᠬᠠᠬᠤ᠂ ᠬᠤᠣᠷᠲᠤ ᠥᠭᠶᠥᠭᠡ ᠶᠢᠨ ᠥᠷᠲᠡᠭᠡ ᠶᠢ ᠪᠠᠶᠢᠴᠠᠭᠠᠨ ᠭᠠᠷᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠡᠮᠦᠨᠡᠬᠢ ᠬᠤᠭᠤᠴᠠᠭᠠᠨ ᠤ ᠪᠡᠯᠡᠳᠬᠡᠯ ᠢ ᠰᠠᠶᠢᠲᠤᠷ ᠬᠢᠬᠦ ᠬᠡᠷᠡᠭᠲᠡᠢ᠃ ᠪᠠᠯᠭᠠᠰᠤᠨ ᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠯᠪᠠᠨ ᠭᠡᠷ ᠬᠤᠣᠷᠲᠤ ᠥᠭᠶᠥᠭᠡ ᠶᠢᠨ ᠥᠷᠲᠡᠭᠡ ᠵᠢᠴᠢ ᠬᠤᠯᠤᠭᠠᠨ᠎ᠠ ᠶᠢᠨ ᠡᠮ ᠢ ᠨᠢᠭᠡᠳᠦᠯᠲᠡᠢ ᠲᠠᠷᠬᠠᠭᠠᠵᠤ᠂ ᠬᠤᠯᠤᠭᠠᠨ᠎ᠠ ᠤᠰᠠᠳᠬᠠᠬᠤ ᠬᠤᠣᠷᠲᠤ ᠥᠭᠶᠥᠭᠡ ᠶᠢᠨ ᠥᠷᠲᠡᠭᠡ ᠶᠢ ᠬᠡᠷᠡᠮ ᠤᠨ ᠪᠤᠯᠤᠩ᠂ ᠨᠡᠶᠢᠲᠡ ᠶᠢᠨ ᠵᠣᠷᠯᠣᠩ᠂ ᠬᠤᠭ ᠨᠣᠪᠰᠢ ᠶᠢᠨ ᠬᠠᠶᠢᠷᠴᠠᠭ ᠤᠨ ᠡᠷᠭᠢᠨ ᠲᠣᠭᠤᠷᠢᠨ ᠵᠡᠷᠭᠡ ᠬᠤᠯᠤᠭᠠᠨ᠎ᠠ ᠶᠢᠨ ᠲᠥᠷᠥᠯ ᠢ ᠦᠷᠭᠦᠯᠵᠢ ᠵᠣᠭᠰᠣᠭᠠᠬᠤ ᠪᠠ ᠬᠥᠳᠡᠯᠭᠡᠭᠡᠨ ᠬᠢᠬᠦ ᠣᠷᠣᠨ ᠪᠦᠰᠡ ᠳᠤ ᠪᠠᠶᠢᠷᠢᠯᠠᠭᠤᠯᠵᠤ᠂ ᠥᠨᠴᠥᠭ ᠪᠤᠯᠤᠩ ᠦᠯᠡᠳᠡᠭᠡᠬᠦ ᠦᠭᠡᠢ᠂ ᠪᠦᠬᠦ ᠲᠠᠯ᠎ᠠ ᠪᠠᠷ ᠲᠠᠯᠪᠢᠵᠤ᠂ ᠡᠪᠡᠳᠴᠢᠨ ᠤ ᠵᠠᠭᠤᠴᠢ ᠠᠮᠢᠳᠤ ᠪᠣᠳᠠᠰ ᠪᠠ ᠡᠪᠡᠳᠴᠢᠨ ᠬᠠᠯᠳᠠᠪᠤᠷᠢᠯᠠᠬᠤ ᠲᠦᠭᠰᠢᠭᠦᠷᠢ ᠶᠢ ᠤᠯᠠᠮ ᠨᠢᠭᠡ ᠠᠯᠬᠤᠮ ᠪᠠᠭᠠᠰᠬᠠᠵᠤ᠂ ᠮᠠᠯᠴᠢᠨ ᠲᠠᠷᠢᠶᠠᠴᠢᠨ ᠲᠦᠮᠡᠨ ᠳᠤ ᠠᠮᠤᠷ ᠲᠦᠪᠰᠢᠨ᠂ ᠣᠷᠣᠰᠢᠨ ᠰᠠᠭᠤᠬᠤ ᠳᠤ ᠲᠣᠬᠢᠷᠠᠮᠵᠢᠲᠠᠢ ᠠᠮᠢᠳᠤᠷᠠᠯ ᠤᠨ ᠣᠷᠴᠢᠨ ᠲᠣᠭᠤᠷᠢᠨ ᠢ ᠪᠣᠢ ᠪᠣᠯᠭᠠᠵᠤ ᠥᠭᠭᠦᠨ᠎ᠡ᠃ 
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号