ᠰᠢᠨᠡᠵᠠᠮ ᠰᠤᠮᠤ ᠣᠳᠣᠬᠠᠨ ᠤ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/19
   4 ᠰᠠᠷ᠎ᠠ ᠶᠢᠨ 16᠎ ᠤ ᠡᠳᠦᠷ᠂ ᠰᠢᠨᠠᠵᠠᠮ ᠰᠤᠮᠤ ᠣᠳᠣᠬᠠᠨ ᠤ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠬᠤᠷᠠᠯ ᠢ ᠰᠤᠮᠤᠨ ᠤ ᠨᠠᠮ ᠤᠨ ᠬᠤᠷᠢᠶᠠᠨ ᠤ ᠱᠦᠵᠢ ᠰᠢᠦᠢ ᠲᠢᠶᠠᠨ ᠡᠷᠬᠢᠯᠡᠵᠦ᠂ ᠰᠤᠮᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ᠂ ᠬᠡᠰᠡᠭ ᠳᠠᠭᠠᠭᠠᠴᠢᠯᠠᠭᠰᠠᠨ ᠤᠳᠤᠷᠢᠳᠤᠯᠭ᠎ᠠ ᠬᠤᠷᠠᠯ ᠳᠤ ᠣᠷᠣᠯᠴᠠᠪᠠ᠃    ᠬᠤᠷᠠᠯ ᠠᠴᠠ ᠬᠤᠷᠴᠢᠨ ᠤ ᠡᠯᠡᠰᠦᠷᠬᠡᠭ ᠭᠠᠵᠠᠷ ᠢ ᠵᠠᠰᠠᠬᠤ᠂ ᠵᠠᠬᠢᠳᠠᠯ ᠰᠤᠷᠪᠤᠯᠵᠢᠯᠠᠭ᠎ᠠ ᠪᠠᠷ ᠲᠣᠭᠲᠠᠭᠤᠨ ᠢ ᠬᠠᠮᠠᠭᠠᠯᠠᠬᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ᠂ ᠬᠠᠤᠯᠢ ᠠᠴᠠ ᠵᠥᠷᠢᠴᠡᠭᠰᠡᠨ ᠵᠢᠷᠤᠭ ᠢ ᠴᠡᠭᠴᠡᠯᠡᠨ ᠰᠠᠶᠢᠵᠢᠷᠠᠭᠤᠯᠬᠤ᠂ ︽ᠳᠥᠷᠪᠡ ᠶᠢ ᠴᠠᠭᠠᠵᠠᠯᠠᠬᠤ︾ ᠵᠡᠷᠭᠡ ᠣᠳᠣᠬᠠᠨ ᠤ ᠭᠤᠣᠯᠳᠠᠯᠭ᠎ᠠ ᠲᠠᠢ ᠠᠵᠢᠯ ᠢ ᠳᠠᠬᠢᠨ ᠲᠣᠬᠢᠷᠠᠭᠤᠯᠵᠤ᠂ ᠳᠠᠬᠢᠨ ᠪᠠᠶᠢᠷᠢᠯᠠᠭᠤᠯᠪᠠ᠃    ᠬᠤᠷᠠᠯ ᠠᠴᠠ ᠴᠢᠬᠤᠯᠠᠴᠢᠯᠠᠭᠰᠠᠨ ᠨᠢ᠂ ᠨᠢᠭᠡ ᠳᠤ ᠦᠵᠡᠯ ᠰᠠᠨᠠᠭ᠎ᠠ ᠲᠠᠨᠢᠯᠲᠠ ᠪᠠᠨ ᠦᠨᠡᠨᠬᠦ ᠳᠡᠭᠡᠭᠰᠢᠯᠡᠭᠦᠯᠵᠦ᠂ ᠲᠤᠰ ᠭᠠᠴᠠᠭᠠᠨ ᠤ ᠡᠯᠡᠰᠦᠨ ᠭᠠᠵᠠᠷ ᠤᠨ ᠵᠢᠷᠤᠭ ᠤᠨ ᠲᠣᠯᠪᠤ ᠶᠢᠨ ᠪᠣᠳᠠᠲᠠᠢ ᠪᠠᠶᠢᠳᠠᠯ᠂ ᠡᠯᠡᠰᠦᠷᠬᠡᠭ ᠭᠠᠵᠠᠷ ᠢ ᠵᠠᠰᠠᠬᠤ ᠠᠬᠢᠴᠠ ᠶᠢ ᠰᠠᠶᠢᠲᠤᠷ ᠣᠶᠢᠯᠠᠭᠠᠵᠤ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ᠂ ᠲᠤᠯᠭᠠᠮ᠎ᠠ ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠳᠬᠠᠬᠤ ᠬᠡᠷᠡᠭᠲᠡᠢ᠃ ᠬᠤᠶᠠᠷ ᠲᠤ᠂ ᠬᠠᠮᠢᠶᠠᠷᠤᠨ ᠡᠵᠡᠮᠳᠡᠬᠦ ᠡᠷᠴᠢᠮ ᠢᠶᠠᠨ ᠴᠢᠩᠭᠠᠷᠠᠭᠤᠯᠵᠤ᠂ ᠵᠥᠷᠢᠴᠡᠯ ᠵᠢᠭᠤᠷᠠᠯᠳᠤᠭᠠᠨ ᠪᠠ ᠠᠮᠤᠷ ᠲᠦᠪᠰᠢᠨ ᠤ ᠳᠠᠯᠳᠠ ᠭᠡᠮ ᠢ ᠢᠳᠡᠪᠬᠢᠲᠡᠢ ᠭᠦᠨᠵᠡᠭᠡᠢ ᠵᠢᠭᠰᠠᠭᠠᠨ ᠪᠠᠶᠢᠴᠠᠭᠠᠵᠤ᠂ ᠡᠯ᠎ᠡ ᠭᠠᠴᠠᠭᠠᠨ ᠤ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠡᠮᠬᠢᠯᠡᠨ ᠵᠢᠭᠰᠠᠭᠠᠬᠤ᠂ ᠵᠠᠳᠠᠯᠤᠨ ᠰᠤᠳᠤᠯᠵᠤ ᠮᠠᠭᠠᠳᠯᠠᠬᠤ᠂ ᠬᠥᠳᠡᠯᠦᠩᠭᠦᠢ ᠪᠠᠷ ᠮᠡᠳᠡᠭᠦᠯᠦᠨ ᠬᠦᠷᠭᠡᠬᠦ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢ ᠪᠦᠬᠦ ᠲᠠᠯ᠎ᠠ ᠪᠠᠷ ᠰᠠᠶᠢᠲᠤᠷ ᠡᠵᠡᠮᠳᠡᠵᠦ᠂ ᠡᠯ᠎ᠡ ᠲᠥᠷᠥᠯ ᠤᠨ ᠵᠥᠷᠢᠴᠡᠯ ᠢ ᠴᠠᠭ ᠲᠤᠬᠠᠢ ᠳᠤᠨᠢ ᠠᠷᠢᠯᠭᠠᠬᠤ ᠬᠡᠷᠡᠭᠲᠡᠢ᠃ ᠭᠤᠷᠪᠠ ᠳᠤ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ᠂ ᠡᠯ᠎ᠡ ᠭᠠᠴᠠᠭ᠎ᠠ ᠶᠢᠨ ᠬᠢᠨ ᠨᠠᠮ ᠤᠨ ᠭᠡᠰᠢᠭᠦᠨ ᠺᠠᠳ᠋ᠷ᠂ ᠲᠣᠣᠷᠵᠢᠭᠤᠯᠤᠯᠲᠠ ᠶᠢᠨ ᠠᠵᠢᠯᠲᠠᠨ᠂ ᠰᠠᠶᠢᠨ ᠳᠤᠷ᠎ᠠ ᠶᠢᠨ ᠠᠵᠢᠯᠯᠠᠭᠴᠢ ᠵᠡᠷᠭᠡ ᠬᠦᠴᠦᠨ ᠢ ᠦᠷᠭᠦᠯᠵᠢᠯᠡᠨ ᠵᠣᠬᠢᠶᠠᠨ ᠪᠠᠶᠢᠭᠤᠯᠤᠨ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠵᠦ᠂ ᠵᠠᠰᠠᠮᠠᠯ ᠵᠠᠮ ᠳᠠᠭᠠᠤ᠂ ᠭᠤᠣᠯ ᠤᠨ ᠵᠠᠮ ᠰᠤᠪᠠᠭ᠂ ᠭᠡᠷ ᠤᠨ ᠡᠮᠦᠨ᠎ᠡ ᠬᠤᠶᠢᠨ᠎ᠠ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢ ᠴᠢᠩᠭ᠎ᠠ ᠠᠩᠬᠠᠷᠤᠨ ᠪᠦᠬᠦ ᠲᠠᠯ᠎ᠠ ᠪᠠᠷ ᠴᠡᠪᠡᠷᠯᠡᠵᠦ᠂ ᠴᠡᠭᠴᠡᠯᠡᠨ ᠵᠠᠰᠠᠬᠤ ᠠᠵᠢᠯᠯᠠᠭ᠎ᠠ ᠶᠢ ᠨᠡᠶᠢᠳᠡᠮ ᠪᠦᠷᠬᠦᠭᠦᠯᠵᠦ᠂ ᠥᠨᠴᠥᠭ ᠪᠤᠯᠤᠩ ᠦᠯᠡᠳᠡᠭᠡᠯ ᠦᠭᠡᠢ᠂ ᠪᠣᠳᠠᠲᠤ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ᠃ ᠳᠥᠷᠪᠡ ᠳᠤ᠂ ᠰᠦᠷ ᠬᠦᠴᠦᠲᠦ ᠪᠠᠶᠢᠳᠠᠯ ᠢᠶᠠᠨ ᠦᠷᠭᠦᠯᠵᠢᠯᠡᠨ ᠪᠠᠲᠤᠯᠠᠵᠤ᠂ ᠲᠣᠯᠪᠤ ᠪᠠᠷ ᠴᠡᠭᠴᠡᠯᠡᠨ ᠰᠠᠶᠢᠵᠢᠷᠠᠭᠤᠯᠬᠤ ᠠᠵᠢᠯ ᠢ ᠬᠦᠴᠦᠲᠡᠢ ᠠᠬᠢᠭᠤᠯᠵᠤ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠪᠠᠲᠤ ᠡᠭᠦᠷᠭᠡᠯᠡᠬᠦ ᠬᠡᠷᠡᠭᠲᠡᠢ᠃ ᠲᠠᠪᠤ ᠳᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠬᠤᠯᠠᠭᠠᠶᠢᠯᠠᠨ ᠮᠠᠯᠵᠢᠬᠤ ᠠᠵᠢᠯᠯᠠᠭ᠎ᠠ ᠶᠢ ᠡᠷᠡᠰ ᠬᠤᠷᠢᠭᠯᠠᠵᠤ᠂ ᠨᠡᠩ ᠴᠢᠩᠭ᠎ᠠ ᠨᠡᠩ ᠪᠣᠳᠠᠲᠠᠢ ᠠᠵᠢᠯ ᠤᠨ ᠪᠠᠷᠢᠮᠵᠢᠶ᠎ᠠ ᠪᠠᠷ ᠠᠮᠢ ᠠᠬᠤᠢ ᠶᠢᠨ ᠣᠷᠴᠢᠨ ᠨᠥᠬᠦᠴᠡᠯ ᠢ ᠦᠨᠡᠨ ᠬᠦ ᠬᠠᠮᠠᠭᠠᠯᠠᠬᠤ ᠬᠡᠷᠡᠭᠲᠡᠢ᠃ 
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号