ᠡᠮᠡᠭᠲᠡᠶᠢᠴᠦᠳ ᠬᠡᠦᠬᠡᠳ ᠤᠨ ᠡᠷᠬᠡ ᠠᠰᠢᠭ ᠢᠶᠠᠨ ᠬᠠᠮᠠᠭᠠᠯᠠᠬᠤ ᠦᠢᠯᠡᠴᠢᠯᠡᠭᠡᠨ ᠤ ᠠᠵᠢᠯ ᠢ ᠰᠡᠳᠬᠢᠯ ᠲᠠᠯᠪᠢᠨ ᠰᠠᠶᠢᠲᠤᠷ ᠬᠢᠨ᠎ᠡ
ᠨᠡᠶᠢᠲᠡᠯᠡᠭᠰᠡᠨ ᠴᠠᠭ᠄
2024/4/19
   ᠡᠨᠡ ᠵᠢᠯ ᠠᠴᠠ ᠨᠠᠰᠢ᠂ ᠪᠠᠶᠠᠨᠬᠤᠰᠢᠭᠤ ᠪᠠᠯᠭᠠᠰᠤᠨ ᠤ ᠡᠮᠡᠭᠲᠡᠶᠢᠴᠦᠳ ᠤᠨ ᠬᠤᠯᠪᠣᠭ᠎ᠠ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠳᠤᠷᠢᠳᠤᠯᠭ᠎ᠠ ᠵᠢᠴᠢ ᠬᠤᠰᠢᠭᠤᠨ ᠤ ᠡᠮᠡᠭᠲᠡᠶᠢᠴᠦᠳ ᠤᠨ ᠬᠤᠯᠪᠣᠭ᠎ᠠ ᠶᠢᠨ ᠨᠠᠷᠢᠨ ᠨᠢᠮᠪᠠᠢ ᠵᠢᠯᠣᠭᠤᠳᠣᠯᠭ᠎ᠠ ᠳᠣᠣᠷ᠎ᠠ᠂ ᠡᠮᠡᠭᠲᠡᠶᠢᠴᠦᠳ ᠬᠡᠦᠬᠡᠳ ᠤᠨ ᠡᠷᠬᠡ ᠠᠰᠢᠭ ᠢ ᠬᠠᠮᠠᠭᠠᠯᠠᠬᠤ ᠭᠤᠣᠯ ᠬᠠᠷᠢᠭᠤᠴᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠡᠮᠡᠭᠲᠡᠶᠢᠴᠦᠳ ᠤᠨ ᠬᠦᠰᠡᠯ ᠱᠠᠭᠠᠷᠳᠠᠯᠭ᠎ᠠ ᠶᠢᠨ ᠠᠷᠭ᠎ᠠ ᠵᠠᠮ ᠢ ᠰᠢᠯᠤᠭᠤᠳᠬᠠᠬᠤ᠂ ᠵᠥᠷᠢᠴᠡᠯ ᠵᠢᠭᠤᠷᠠᠯᠳᠤᠭᠠᠨ ᠢ ᠠᠷᠢᠯᠭᠠᠬᠤ᠂ ᠡᠷᠬᠡ ᠪᠠᠨ ᠬᠠᠮᠠᠭᠠᠯᠠᠬᠤ ᠦᠢᠯᠡᠴᠢᠯᠡᠭᠡ ᠬᠠᠩᠭᠠᠬᠤ ᠶᠢ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠳᠤ ᠪᠦᠲᠦᠮᠵᠢᠲᠡᠢ ᠣᠷᠣᠯᠴᠠᠬᠤ ᠴᠢᠬᠤᠯᠠ ᠡᠭᠦᠷᠭᠡ ᠪᠣᠯᠭᠠᠵᠤ᠂ ᠵᠥᠷᠢᠴᠡᠯ ᠢ ᠣᠯᠠᠨ ᠡᠰᠢᠵᠢᠭᠦᠯᠦᠨ ᠰᠢᠢᠳᠪᠦᠷᠢᠯᠡᠬᠦ ᠰᠢᠨ᠎ᠡ ᠠᠷᠭ᠎ᠠ ᠮᠠᠶ᠋ᠢᠭ ᠢ ᠤᠯᠠᠮ ᠨᠢᠭᠡ ᠠᠯᠬᠤᠮ ᠰᠦᠪᠡᠭᠴᠢᠯᠡᠵᠦ᠂ ᠠᠮᠤᠷ ᠲᠦᠪᠰᠢᠨ ᠤ ᠪᠠᠶᠢᠭᠤᠯᠤᠯᠲᠠ ᠳᠤ ᠣᠷᠣᠯᠴᠠᠵᠤ᠂ ᠡᠶ᠎ᠡ ᠵᠣᠬᠢᠴᠠᠩᠭᠤᠢ ᠲᠣᠭᠲᠠᠭᠤᠨ ᠢ ᠠᠬᠢᠭᠤᠯᠪᠠ᠃    ︽12338 ᠡᠷᠬᠡ ᠠᠰᠢᠭ ᠢᠶᠠᠨ ᠬᠠᠮᠠᠭᠠᠯᠠᠬᠤ ᠲᠤᠰᠬᠠᠢ ᠱᠤᠭᠤᠮ︾᠎ ᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ᠂ ᠡᠮᠡᠭᠲᠡᠶᠢᠴᠦᠳ ᠬᠡᠦᠬᠡᠳ ᠤᠨ ᠬᠦᠰᠡᠯ ᠱᠠᠭᠠᠷᠳᠠᠯᠭ᠎ᠠ ᠶᠢᠨ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠵᠦ᠂ 24 ᠴᠠᠭ ᠤᠨ ᠦᠢᠯᠡᠴᠢᠯᠡᠭᠡ ᠬᠠᠩᠭᠠᠵᠤ᠂ ᠡᠮᠡᠭᠲᠡᠶᠢᠴᠦᠳ ᠣᠯᠠᠨ ᠲᠦᠮᠡᠨ ᠤ ᠲᠡᠷᠡ ᠳᠠᠷᠤᠢ ᠳᠤᠨᠢ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠵᠣᠬᠢᠶᠠᠨ ᠪᠠᠶᠢᠭᠤᠯᠤᠯᠲᠠ ᠶᠢ ᠡᠷᠢᠵᠦ ᠣᠯᠬᠤ ᠶᠢ ᠪᠠᠲᠤᠯᠠᠵᠤ᠂ 12338 ᠤᠲᠠᠰᠤ ᠶᠢ ᠦᠨᠡᠨ ᠬᠦ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠵᠣᠬᠢᠶᠠᠨ ᠪᠠᠶᠢᠭᠤᠯᠤᠯᠲᠠ ᠪᠠ ᠡᠮᠡᠭᠲᠡᠶᠢᠴᠦᠳ ᠣᠯᠠᠨ ᠲᠦᠮᠡᠨ ᠤ ᠬᠤᠭᠤᠷᠣᠨᠳᠣᠬᠢ ︽ᠰᠡᠳᠬᠢᠯ ᠤᠨ ᠬᠤᠯᠪᠣᠭᠠᠰᠤ︾ ᠪᠣᠯᠭᠠᠵᠤ ᠂ ᠭᠡᠷ ᠪᠦᠯᠢ ᠪᠠ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠠᠬᠢᠭᠤᠯᠬᠤ ᠳᠤ ᠶᠡᠷᠦᠩᠬᠡᠶᠢᠯᠡᠭᠰᠡᠨ ᠦᠢᠯᠡᠴᠢᠯᠡᠭᠡ ᠬᠠᠩᠭᠠᠬᠤ ︽ᠰᠠᠭᠠᠳ ᠦᠭᠡᠢ ᠨᠡᠪᠲᠡᠷᠡᠬᠦ ᠵᠠᠮ︾ ᠪᠣᠯᠭᠠᠪᠠ᠃ ᠡᠭᠦᠨ ᠤ ᠬᠠᠮᠲᠤ᠂ ᠡᠯ᠎ᠡ ᠭᠠᠴᠠᠭᠠᠨ ᠳᠤ ︽ᠡᠮᠡᠭᠲᠡᠶᠢᠴᠦᠳ ᠬᠡᠦᠬᠡᠳ ᠤᠨ ᠡᠷᠬᠡ ᠶᠢ ᠬᠠᠮᠠᠭᠠᠯᠠᠬᠤ ᠥᠷᠲᠡᠭᠡ︾᠂ ︽ᠤᠷᠤᠭ ᠭᠡᠷ ᠪᠦᠯᠢ ᠶᠢᠨ ᠵᠥᠷᠢᠴᠡᠯ ᠵᠢᠭᠤᠷᠠᠯᠳᠤᠭᠠᠨ ᠢ ᠡᠶᠡᠳᠡᠭᠦᠯᠬᠦ ᠲᠠᠰᠤᠭ︾᠎ ᠢ ᠪᠠᠶᠢᠭᠤᠯᠵᠤ᠂ ᠣᠳᠣ ᠪᠣᠯᠲᠠᠯ᠎ᠠ᠂ ᠨᠢᠭᠡᠨᠲᠡ 40 ᠭᠠᠷᠤᠢ ᠤᠳᠠᠭ᠎ᠠ ᠬᠠᠤᠯᠢ ᠴᠠᠭᠠᠵᠠ ᠶᠢᠨ ᠵᠥᠪᠯᠡᠯᠭᠡ ᠬᠠᠩᠭᠠᠵᠤ᠂ 12 ᠤᠷᠤᠭ ᠭᠡᠷ ᠪᠦᠯᠢ ᠶᠢᠨ ᠵᠥᠷᠢᠴᠡᠯ ᠵᠢᠭᠤᠷᠠᠯᠳᠤᠭᠠᠨ ᠢ ᠠᠮᠵᠢᠯᠲᠠ ᠲᠠᠢ ᠪᠠᠷ ᠡᠶᠡᠳᠡᠭᠦᠯᠪᠡ᠃    ᠬᠠᠤᠯᠢ ᠪᠠᠷ ᠵᠠᠰᠠᠬᠤ ᠤᠬᠠᠭᠤᠯᠭ᠎ᠠ ᠶᠢ ᠠᠮᠢᠳᠤᠯᠢᠭ ᠥᠷᠨᠢᠭᠦᠯᠵᠦ᠂ ᠸᠢᠴᠠᠲ ᠤᠨ ᠴᠤᠭᠯᠠᠷᠠᠯ᠂ ᠨᠡᠶᠢᠲᠡ ᠶᠢᠨ ᠳ᠋ᠤᠭᠠᠷ ᠵᠡᠷᠭᠡ ᠲᠠᠪᠴᠠᠩ ᠢ ᠬᠡᠷᠡᠭᠯᠡᠨ᠂ ᠲᠣᠰᠬᠤᠨ ᠡᠷᠦᠬᠡ ᠳᠤ ᠣᠷᠣᠬᠤ᠂ ᠵᠣᠭᠤᠭ ᠳᠡᠯᠭᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠬᠠᠤᠯᠢ ᠪᠠᠷ ᠵᠠᠰᠠᠬᠤ ᠤᠬᠠᠭᠤᠯᠭ᠎ᠠ ᠶᠢᠨ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠨᠢᠭᠡ ᠲᠠᠯ᠎ᠠ ᠪᠠᠷ ︽ᠭᠤᠷᠪᠠᠨ ᠰᠠᠷ᠎ᠠ ᠶᠢᠨ ᠨᠠᠢᠮᠠᠨ︾᠎ ᠤ ᠡᠮᠡᠭᠲᠡᠶᠢᠴᠦᠳ ᠤᠨ ᠡᠷᠬᠡ ᠪᠠᠨ ᠬᠠᠮᠠᠭᠠᠯᠠᠬᠤ ᠭᠠᠷᠠᠭ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠲᠤᠰᠬᠠᠢ ᠰᠡᠳᠦᠪᠲᠦ ᠤᠬᠠᠭᠤᠯᠭ᠎ᠠ ᠵᠡᠷᠭᠡ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠰᠠᠶᠢᠲᠤᠷ ᠡᠵᠡᠮᠳᠡᠵᠦ᠂ ᠤᠬᠠᠭᠤᠯᠭ᠎ᠠ ᠶᠢᠨ ᠬᠠᠮᠤᠷᠬᠤ ᠬᠡᠪᠴᠢᠶ᠎ᠡ ᠶᠢ ᠲᠠᠰᠤᠷᠠᠯᠲᠠ ᠦᠭᠡᠢ ᠥᠷᠭᠡᠳᠬᠡᠨ᠂ ᠨᠥᠭᠦᠭᠡ ᠲᠠᠯ᠎ᠠ ᠪᠠᠷ ᠭᠠᠴᠠᠭᠠᠨ ᠤ ᠪᠣᠳᠠᠲᠤ ᠪᠠᠶᠢᠳᠠᠯ ᠳᠤ ᠴᠢᠭᠯᠡᠭᠦᠯᠦᠨ᠂ ᠡᠮᠡᠭᠲᠡᠢ ᠰᠠᠶᠢᠨ ᠳᠤᠷ᠎ᠠ ᠶᠢᠨ ᠠᠵᠢᠯᠯᠠᠭᠴᠢ ᠪᠠᠷ ᠳᠠᠮᠵᠢᠭᠤᠯᠤᠨ ᠬᠠᠨᠳᠤᠯᠭᠠᠲᠤ ᠴᠢᠨᠠᠷ ᠢᠶᠠᠷ ᠨᠡᠯᠢᠶᠡᠳ ᠴᠢᠩᠭ᠎ᠠ ᠬᠠᠤᠯᠢ ᠴᠠᠭᠠᠵᠠ ᠪᠠ ᠤᠳᠬ᠎ᠠ ᠤᠷᠠᠯᠢᠭ ᠢ ᠤᠶᠠᠯᠳᠤᠭᠤᠯᠤᠭᠰᠠᠨ ᠰᠣᠶᠣᠯ ᠤᠳᠬ᠎ᠠ ᠤᠷᠠᠯᠢᠭ ᠤᠨ ᠠᠵᠢᠯᠯᠠᠭ᠎ᠠ ᠶᠢ ᠥᠷᠨᠢᠭᠦᠯᠵᠦ᠂ ᠡᠮᠡᠭᠲᠡᠶᠢᠴᠦᠳ ᠢ ᠬᠥᠲᠥᠯᠥᠨ ᠵᠢᠯᠣᠭᠤᠳᠴᠤ ᠪᠠᠶᠢᠭᠠᠳ ᠬᠠᠤᠯᠢ ᠴᠠᠭᠠᠵᠠ ᠶᠢᠨ ᠮᠡᠳᠡᠯᠭᠡ ᠶᠢ ᠢᠳᠡᠪᠬᠢᠲᠡᠢ ᠰᠤᠷᠤᠯᠴᠠᠭᠤᠯᠵᠤ᠂ ᠲᠤᠰ ᠪᠡᠶ᠎ᠡ ᠶᠢᠨ ᠡᠷᠬᠡ ᠪᠠᠨ ᠬᠠᠮᠠᠭᠠᠯᠠᠬᠤ ᠤᠬᠠᠮᠰᠠᠷ ᠪᠠ ᠬᠠᠤᠯᠢ ᠪᠠᠷ ᠵᠠᠰᠠᠬᠤ ᠤᠬᠠᠮᠰᠠᠷ ᠢ ᠨᠢ ᠨᠡᠮᠡᠭᠳᠡᠭᠦᠯᠦᠨ᠂ ᠲᠤᠰ ᠪᠡᠶ᠎ᠡ ᠶᠢᠨ ᠡᠷᠬᠡ ᠪᠠᠨ ᠬᠠᠮᠠᠭᠠᠯᠠᠬᠤ ᠴᠢᠳᠠᠪᠤᠷᠢ ᠶᠢ ᠨᠢ ᠳᠡᠭᠡᠭᠰᠢᠯᠡᠭᠦᠯᠪᠡ᠃ ᠣᠳᠣᠬᠠᠨ ᠪᠣᠯᠲᠠᠯ᠎ᠠ᠂ ᠤᠷᠤᠭ ᠭᠡᠷ ᠪᠦᠯᠢ ᠶᠢᠨ ᠬᠠᠤᠯᠢ ᠪᠠᠷ ᠵᠠᠰᠠᠬᠤ ᠤᠬᠠᠭᠤᠯᠭ᠎ᠠ ᠶᠢ ᠨᠡᠶᠢᠲᠡ 6 ᠲᠠᠯᠠᠪᠤᠷ ᠤᠳᠠᠭ᠎ᠠ ᠥᠷᠨᠢᠭᠦᠯᠵᠦ᠂ 1000 ᠭᠠᠷᠤᠢ ᠬᠦᠯᠢᠶᠡᠨ ᠠᠪᠴᠠᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号