ᠳᠤᠮᠳᠠᠳᠤ ᠬᠤᠰᠢᠭᠤ ︽ᠬᠠᠤᠯᠢ ᠶᠣᠰᠣᠭᠠᠷ ᠰᠤᠷᠭᠠᠭᠤᠯᠢ ᠶᠢᠨ ᠬᠦᠷᠢᠶᠡᠨ ᠤ ᠦᠰᠦᠨ ᠪᠤᠶᠢᠵᠢᠯᠲᠠ ᠶᠢ ᠬᠠᠮᠠᠭᠠᠯᠠᠬᠤ︾᠎ ᠪᠠᠷ ᠭᠤᠣᠯ ᠰᠡᠳᠦᠪ ᠪᠣᠯᠭᠠᠭᠰᠠᠨ ᠬᠠᠤᠯᠢ ᠪᠠᠷ ᠵᠠᠰᠠᠬᠤ ᠤᠬᠠᠭᠤᠯᠭ᠎ᠠ ᠶᠢᠨ ᠠᠵᠢᠯᠯᠠᠭ᠎ᠠ
ᠨᠡᠶᠢᠲᠡᠯᠡᠭᠰᠡᠨ ᠴᠠᠭ᠄
2024/4/19
    ᠵᠠᠯᠠᠭᠤ ᠪᠠᠭ᠎ᠠ ᠰᠤᠷᠤᠭᠴᠢᠳ ᠤᠨ ᠡᠷᠡᠭᠦᠯ ᠢᠶᠠᠷ ᠥᠰᠦᠨ ᠪᠤᠶᠢᠵᠢᠬᠤ ᠶᠢ ᠤᠯᠠᠮ ᠨᠢᠭᠡ ᠠᠯᠬᠤᠮ ᠠᠬᠢᠭᠤᠯᠵᠤ᠂ ᠨᠠᠰᠤᠨ ᠳᠤ ᠦᠯᠦ ᠬᠦᠷᠦᠭᠰᠡᠳ ᠤᠨ ᠬᠠᠤᠯᠢ ᠪᠠᠷ ᠵᠠᠰᠠᠬᠤ ᠦᠵᠡᠯᠲᠡ ᠶᠢ ᠴᠢᠩᠭᠠᠳᠬᠠᠬᠤ ᠶᠢᠨ ᠲᠥᠯᠥᠭᠡ᠂ ᠣᠶᠢᠷ᠎ᠠ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠡᠷᠡᠭᠦᠦ ᠶᠢᠨ ᠬᠡᠷᠡᠭ ᠤᠨ ᠲᠢᠩᠬᠢᠮ ᠤᠨ ᠺᠠᠳ᠋ᠷ ᠴᠠᠭᠳᠠᠭ᠎ᠠ ᠪᠠᠶᠠᠨᠬᠤᠰᠢᠭᠤ ᠲᠠᠪᠤᠳᠤᠭᠠᠷ ᠪᠠᠭ᠎ᠠ ᠰᠤᠷᠭᠠᠭᠤᠯᠢ ᠳᠤ ᠬᠦᠷᠴᠦ ︽ᠬᠠᠤᠯᠢ ᠶᠣᠰᠣᠭᠠᠷ ᠰᠤᠷᠭᠠᠭᠤᠯᠢ ᠶᠢᠨ ᠬᠦᠷᠢᠶᠡᠨ ᠤ ᠦᠰᠦᠨ ᠪᠤᠶᠢᠵᠢᠯᠲᠠ ᠶᠢ ᠬᠠᠮᠠᠭᠠᠯᠠᠬᠤ︾᠎ ᠪᠠᠷ ᠭᠤᠣᠯ ᠰᠡᠳᠦᠪ ᠪᠣᠯᠭᠠᠭᠰᠠᠨ ᠬᠠᠤᠯᠢ ᠪᠠᠷ ᠵᠠᠰᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃    ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠺᠠᠳ᠋ᠷ ᠴᠠᠭᠳᠠᠭ᠎ᠠ ᠨᠠᠷ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠨᠠᠰᠤᠨ ᠤ ᠪᠦᠲᠦᠴᠡ ᠵᠢᠴᠢ ᠰᠡᠳᠬᠢᠴᠡ ᠶᠢᠨ ᠣᠨᠴᠠᠯᠢᠭ ᠲᠤ ᠴᠢᠭᠯᠡᠭᠦᠯᠦᠨ᠂ ᠨᠡᠶᠢᠲᠡᠯᠢᠭ ᠬᠡᠷᠡᠭ ᠤᠨ ᠵᠢᠱᠢᠶ᠎ᠡ ᠶᠢ ᠡᠰᠢᠯᠡᠨ ᠬᠡᠷᠡᠭᠯᠡᠵᠦ᠂ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠵᠦᠢᠯ ᠵᠤᠷᠪᠤᠰ ᠲᠠᠢ ᠤᠶᠠᠯᠳᠤᠭᠤᠯᠤᠨ ᠬᠡᠷᠡᠭ ᠤᠨ ᠲᠠᠶᠢᠯᠪᠤᠷᠢᠯᠠᠯᠲᠠ ᠲᠠᠢ ᠤᠶᠠᠯᠳᠤᠭᠤᠯᠤᠨ᠂ ᠳᠥᠭᠦᠮ ᠣᠶᠢᠯᠠᠭᠠᠮᠵᠢᠲᠠᠢ ᠦᠭᠡ ᠬᠡᠯᠡ ᠪᠠᠷ ᠰᠤᠷᠤᠭᠴᠢᠳ ᠲᠤ ᠬᠠᠤᠯᠢ ᠴᠠᠭᠠᠵᠠ ᠶᠢᠨ ᠰᠠᠭᠤᠷᠢ ᠮᠡᠳᠡᠯᠭᠡ᠂ ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠵᠢᠴᠢ ᠨᠠᠰᠤᠨ ᠳᠤ ᠦᠯᠦ ᠬᠦᠷᠦᠭᠰᠡᠳ ᠤᠨ ᠬᠠᠤᠯᠢ ᠶᠢ ᠵᠥᠷᠢᠴᠡᠵᠦ ᠶᠠᠯ᠎ᠠ ᠬᠢᠭᠰᠡᠨ ᠬᠠᠷᠢᠭᠤᠴᠠᠯᠭ᠎ᠠ ᠵᠡᠷᠭᠡ ᠶᠢ ᠲᠠᠨᠢᠯᠴᠠᠭᠤᠯᠪᠠ᠃ ᠡᠭᠦᠨ ᠤ ᠬᠠᠮᠲᠤ᠂ ᠰᠤᠷᠤᠭᠴᠢᠳ ᠲᠤ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠵᠢᠴᠢ ᠰᠡᠷᠭᠡᠶᠢᠯᠡᠯᠲᠡ ᠶᠢᠨ ᠲᠠᠯ᠎ᠠ ᠶᠢᠨ ᠬᠠᠤᠯᠢ ᠴᠠᠭᠠᠵᠠ ᠶᠢᠨ ᠮᠡᠳᠡᠯᠭᠡ ᠶᠢ ᠲᠠᠶᠢᠯᠪᠤᠷᠢᠯᠠᠨ ᠥᠭᠴᠦ᠂ ᠰᠤᠷᠤᠭᠴᠢᠳ ᠢ ᠬᠥᠲᠥᠯᠥᠨ ᠵᠢᠯᠣᠭᠤᠳᠴᠤ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠢ ᠵᠥᠪ ᠢᠶᠠᠷ ᠰᠢᠢᠳᠪᠦᠷᠢᠯᠡᠭᠦᠯᠵᠦ᠂ ᠲᠤᠰ ᠪᠡᠶ᠎ᠡ ᠶᠢᠨ ᠦᠢᠯᠡ ᠠᠵᠢᠯᠯᠠᠭ᠎ᠠ ᠪᠠᠨ ᠵᠢᠷᠤᠮᠵᠢᠭᠤᠯᠤᠨ᠂ ᠪᠠᠯᠠᠮᠠᠳᠴᠤᠳ ᠪᠣᠯᠬᠤ ᠦᠭᠡᠢ ᠪᠥᠭᠡᠳ ᠨᠡᠩ ᠴᠤ ᠰᠤᠷᠭᠠᠭᠤᠯᠢ ᠶᠢᠨ ᠬᠦᠷᠢᠶᠡᠨ ᠳᠤ ᠵᠣᠷᠢᠭᠲᠠᠢ ᠪᠠᠷ ᠳᠣᠷᠣᠮᠵᠢᠯᠠᠵᠤ᠂ ︽ᠦᠭᠡᠢ︾ ᠭᠡᠵᠦ ᠬᠡᠯᠡᠭᠦᠯᠵᠦ᠂ ᠰᠠᠬᠢᠯᠭ᠎ᠠ ᠪᠠᠲᠤ ᠶᠢ ᠵᠢᠷᠤᠮᠯᠠᠨ ᠬᠠᠤᠯᠢ ᠴᠠᠭᠠᠵᠠ ᠶᠢ ᠰᠠᠬᠢᠬᠤ ᠮᠥᠷᠲᠡᠭᠡᠨ ᠪᠠᠰᠠ ᠬᠠᠤᠯᠢ ᠴᠠᠭᠠᠵᠠ ᠶᠢᠨ ᠵᠡᠪᠰᠡᠭ ᠢᠶᠠᠷ ᠥᠪᠡᠷ ᠤᠨ ᠬᠠᠤᠯᠢ ᠶᠣᠰᠣᠨ ᠤ ᠡᠷᠬᠡ ᠠᠰᠢᠭ ᠢᠶᠠᠨ ᠬᠠᠮᠠᠭᠠᠯᠠᠬᠤ ᠶᠢ ᠰᠤᠷᠴᠤ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢᠶᠠᠨ ᠴᠢᠩᠭᠠᠳᠬᠠᠨ᠂ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠨᠢ ᠳᠡᠭᠡᠭᠰᠢᠯᠡᠭᠦᠯᠵᠦ᠂ ᠢᠳᠡᠪᠬᠢᠲᠡᠢ ᠪᠠᠷ ᠦᠭᠡᠢ ᠪᠠᠷ ᠥᠭᠡᠳᠡᠯᠡᠨ ᠳᠠᠪᠰᠢᠬᠤ ᠰᠠᠶᠢᠨ ᠪᠠᠭᠠᠴᠤᠳ ᠪᠣᠯᠭᠠᠬᠤ ᠬᠡᠷᠡᠭᠲᠡᠢ᠃    ᠳᠠᠷᠠᠭᠠᠴᠢ ᠶᠢᠨ ᠠᠯᠬᠤᠮ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠰᠢᠭᠦᠬᠦ ᠬᠤᠷᠢ᠊ ᠡᠶ᠎ᠡ ᠪᠠᠶᠢᠩᠭᠤᠵᠢᠭᠰᠠᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢ ᠦᠷᠭᠦᠯᠵᠢᠯᠡᠨ ᠥᠷᠨᠢᠭᠦᠯᠵᠦ᠂ ᠬᠠᠤᠯᠢ ᠪᠠᠷ ᠵᠠᠰᠠᠬᠤ ᠤᠬᠠᠭᠤᠯᠭ᠎ᠠ ᠶᠢᠨ ᠠᠭᠤᠯᠭ᠎ᠠ ᠪᠠ ᠬᠡᠯᠪᠡᠷᠢ ᠶᠢ ᠲᠠᠰᠤᠷᠠᠯᠲᠠ ᠥᠬᠡᠶ ᠰᠦᠪᠡᠭᠴᠢᠯᠡᠨ ᠰᠢᠨ᠎ᠡ ᠶᠢ ᠡᠭᠦᠳᠴᠦ᠂ ᠬᠠᠤᠯᠢ ᠪᠠᠷ ᠵᠠᠰᠠᠬᠤ ᠬᠦᠴᠦᠨ ᠢᠶᠠᠷ ᠠᠮᠤᠷ ᠠᠮᠤᠭᠤᠯᠠᠩ ᠰᠤᠷᠭᠠᠭᠤᠯᠢ ᠶᠢᠨ ᠬᠦᠷᠢᠶᠡᠨ ᠤ ᠪᠠᠶᠢᠭᠤᠯᠤᠯᠲᠠ ᠳᠤ ᠬᠦᠴᠦᠨ ᠨᠡᠮᠡᠷᠢᠯᠡᠵᠦ᠂ ᠵᠠᠯᠠᠭᠤᠴᠤᠳ ᠪᠠᠭᠠᠴᠤᠳ ᠤᠨ ᠡᠷᠡᠭᠦᠯ ᠢᠶᠠᠷ ᠥᠰᠦᠨ ᠪᠤᠶᠢᠵᠢᠬᠤ ᠳᠤ ᠰᠡᠳᠬᠢᠯ ᠲᠠᠯᠪᠢᠨ ︽ᠬᠠᠤᠯᠢ ᠪᠠᠷ ᠵᠠᠰᠠᠬᠤ ᠬᠥᠬᠡ ᠣᠭᠲᠠᠷᠭᠤᠢ︾᠎ ᠶᠢ ᠲᠤᠯᠭᠠᠭᠤᠷᠢᠯᠠᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号