ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠲᠥᠪᠯᠡᠷᠡᠭᠦᠯᠦᠨ ᠤᠬᠠᠭᠤᠯᠬᠤ ᠰᠠᠷ᠎ᠠ ᠶᠢᠨ ᠠᠵᠢᠯᠯᠠᠭ᠎ᠠ ᠶᠢ ᠢᠳᠡᠪᠬᠢᠲᠡᠢ ᠥᠷᠨᠢᠭᠦᠯᠪᠡ
ᠨᠡᠶᠢᠲᠡᠯᠡᠭᠰᠡᠨ ᠴᠠᠭ᠄
2024/4/19
    ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠤᠯᠠᠮ ᠨᠢᠭᠡ ᠠᠯᠬᠤᠮ ᠪᠠᠬᠢᠵᠢᠭᠦᠯᠵᠦ᠂ ᠪᠦᠬᠦ ᠨᠡᠶᠢᠭᠡᠮ ᠢᠶᠠᠷ ᠢᠶᠠᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠠᠮᠤᠷ ᠲᠦᠪᠰᠢᠨ ᠢ ᠤᠬᠠᠮᠰᠠᠷ ᠠᠴᠠ ᠪᠠᠨ ᠬᠠᠮᠠᠭᠠᠯᠠᠬᠤ ᠭᠦᠨ ᠵᠤᠵᠠᠭᠠᠨ ᠠᠭᠤᠷ ᠠᠮᠢᠰᠬᠤᠯ ᠢ ᠪᠣᠢ ᠪᠣᠯᠭᠠᠬᠤ ᠶᠢᠨ ᠲᠥᠯᠥᠭᠡ᠂ 4 ᠰᠠᠷ᠎ᠠ ᠶᠢᠨ 16᠎ ᠤ ᠡᠳᠦᠷ᠂ ᠬᠤᠰᠢᠭᠤᠨ ᠤ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠠᠵᠢᠯᠲᠠᠨ ᠠᠵᠢᠯᠴᠢᠨ ᠢᠶᠠᠨ ᠵᠣᠬᠢᠶᠠᠨ ᠪᠠᠶᠢᠭᠤᠯᠵᠤ ᠪᠠᠲᠤᠴᠠᠭᠠᠨ ᠤ ᠠᠭᠤᠳᠠᠮ ᠲᠠᠯᠠᠪᠠᠢ᠂ ᠲᠣᠭᠲᠠᠭᠰᠠᠨ ᠡᠮ ᠤᠨ ᠳᠡᠯᠭᠡᠭᠦᠷ ᠪᠠ ᠡᠭᠦᠳᠡᠨ ᠡᠮᠨᠡᠯᠭᠡ ᠳᠤ ᠬᠦᠷᠴᠦ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠲᠥᠪᠯᠡᠷᠡᠭᠦᠯᠦᠨ ᠤᠬᠠᠭᠤᠯᠬᠤ ᠰᠠᠷ᠎ᠠ ᠶᠢᠨ ᠠᠵᠢᠯᠯᠠᠭ᠎ᠠ ᠥᠷᠨᠢᠭᠦᠯᠪᠡ᠃    ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ᠂ ᠤᠬᠠᠭᠤᠯᠭ᠎ᠠ ᠶᠢᠨ ᠤᠷᠢᠶ᠎ᠠ ᠯᠣᠽᠦ᠋ᠩ ᠡᠯᠭᠦᠬᠦ᠂ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ᠂ ᠲᠤᠬᠠᠢ ᠶᠢᠨ ᠲᠠᠯᠠᠪᠤᠷ ᠲᠤ ᠣᠯᠠᠨ ᠲᠦᠮᠡᠨ ᠤ ᠮᠠᠳᠠᠭ ᠲᠠᠢ ᠠᠰᠠᠭᠤᠳᠠᠯ ᠳᠤ ᠬᠠᠷᠢᠭᠤᠯᠲᠠ ᠥᠭᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠣᠯᠠᠨ ᠲᠦᠮᠡᠨ ᠳᠤ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠬᠠᠤᠯᠢ ᠴᠠᠭᠠᠵᠠ ᠬᠠᠤᠯᠢ ᠲᠣᠭᠲᠠᠭᠠᠯ᠂ ᠳᠠᠭᠠᠳᠬᠠᠯ ᠢ ᠮᠡᠬᠡᠯᠡᠨ ᠠᠪᠬᠤ ᠪᠠᠶᠢᠩᠭᠤ ᠲᠣᠬᠢᠶᠠᠯᠳᠤᠬᠤ ᠪᠠᠶᠢᠳᠠᠯ ᠵᠢᠴᠢ ᠢᠯᠡᠴᠢᠯᠡᠨ ᠮᠡᠳᠡᠭᠦᠯᠵᠦ ᠬᠢᠨᠠᠯᠲᠠ ᠲᠠᠯᠪᠢᠬᠤ ᠠᠷᠭ᠎ᠠ ᠮᠠᠶ᠋ᠢᠭ ᠵᠡᠷᠭᠡ ᠠᠭᠤᠯᠭ᠎ᠠ ᠶᠢ ᠣᠶᠢᠯᠠᠭᠠᠭᠤᠯᠪᠠ᠃ ᠡᠭᠦᠨ ᠤ ᠬᠠᠮᠲᠤ᠂ ᠲᠣᠭᠲᠠᠭᠰᠠᠨ ᠡᠮ ᠤᠨ ᠳᠡᠯᠭᠡᠭᠦᠷ᠂ ᠡᠭᠦᠳᠡᠨ ᠡᠮᠨᠡᠯᠭᠡ ᠶᠢᠨ ᠬᠠᠷᠢᠭᠤᠴᠠᠯᠭᠠᠲᠠᠨ ᠳᠤ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠵᠦ᠂ ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠬᠠᠤᠯᠢ ᠶᠢ ᠰᠠᠬᠢᠬᠤ ᠤᠬᠠᠮᠰᠠᠷ ᠢ ᠳᠡᠭᠡᠭᠰᠢᠯᠡᠭᠦᠯᠦᠨ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ ᠵᠦᠢ ᠵᠣᠬᠢᠰᠲᠠᠢ ᠵᠢᠷᠤᠮᠵᠢᠭᠤᠯᠤᠨ ᠬᠡᠷᠡᠭᠯᠡᠬᠦ ᠤᠬᠠᠮᠰᠠᠷᠲᠤ ᠴᠢᠨᠠᠷ ᠢ ᠴᠢᠩᠭᠠᠳᠬᠠᠵᠤ᠂ ᠳᠠᠭᠠᠳᠬᠠᠯ ᠢ ᠮᠡᠬᠡᠯᠡᠨ ᠠᠪᠬᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠡᠭᠦᠰᠬᠦ ᠶᠢ ᠡᠷᠡᠰ ᠬᠤᠷᠢᠭᠯᠠᠪᠠ᠃    ᠳᠠᠷᠠᠭᠠᠴᠢ ᠶᠢᠨ ᠠᠯᠬᠤᠮ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠦᠷᠭᠦᠯᠵᠢᠯᠡᠨ ᠪᠣᠳᠠᠲᠠᠶᠢᠵᠢᠭᠤᠯᠵᠤ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠤᠬᠠᠭᠤᠯᠭ᠎ᠠ ᠬᠥᠮᠦᠵᠢᠯ ᠢ ᠦᠷᠭᠦᠯᠵᠢᠯᠡᠨ ᠴᠢᠩᠭᠠᠳᠬᠠᠵᠤ᠂ ᠴᠡᠭ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ᠂ ᠳᠠᠭᠠᠳᠬᠠᠯ ᠳᠤ ᠣᠷᠣᠯᠴᠠᠭᠰᠠᠨ ᠨᠢᠭᠡᠴᠡ ᠪᠠ ᠳᠠᠭᠠᠳᠬᠠᠯ ᠳᠤ ᠣᠷᠣᠯᠴᠠᠭᠰᠠᠳ ᠤᠨ ᠬᠠᠤᠯᠢ ᠴᠠᠭᠠᠵᠠ ᠶᠢᠨ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠣᠯᠠᠨ ᠲᠦᠮᠡᠨ ᠤ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠳᠤ ᠰᠠᠨᠠᠭᠠᠴᠢᠯᠠᠭ᠎ᠠ ᠠᠴᠠ ᠪᠠᠨ ᠣᠷᠣᠯᠴᠠᠬᠤ ᠶᠢ ᠵᠣᠷᠢᠭᠵᠢᠭᠤᠯᠤᠨ ᠬᠥᠲᠥᠯᠥᠨ ᠵᠢᠯᠣᠭᠤᠳᠴᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠣᠯᠠᠨ ᠲᠦᠮᠡᠨ ᠤ ︽ᠡᠪᠡᠳᠴᠢᠨ ᠦᠵᠡᠭᠦᠯᠬᠦ ᠵᠣᠭᠤᠰ᠂ ᠠᠮᠢ ᠠᠪᠤᠷᠠᠬᠤ ᠵᠣᠭᠤᠰ︾᠎ ᠢ ᠰᠠᠶᠢᠲᠤᠷ ᠰᠠᠬᠢᠨ ᠬᠠᠮᠠᠭᠠᠯᠠᠵᠤ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠪᠠ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠦᠭᠡᠢ ᠨᠡᠮᠡᠭᠳᠡᠭᠦᠯᠦᠨ᠎ᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号