ᠭᠤᠣᠯ ᠤᠨ ᠪᠠᠶᠢᠰᠢᠩ ᠪᠠᠯᠭᠠᠰᠤ ᠶᠠᠳᠠᠭᠤ ᠠᠴᠠ ᠠᠩᠭᠢᠵᠢᠷᠠᠭᠤᠯᠬᠤ ᠬᠥᠮᠦᠨ ᠠᠮᠠ ᠶᠢᠨ ᠠᠮᠢ ᠠᠬᠤᠢ ᠶᠢᠨ ᠣᠢ ᠬᠠᠮᠠᠭᠠᠯᠠᠭᠴᠢ ᠶᠢᠨ APP ᠰᠦᠯᠵᠢᠶᠡᠨ ᠳᠤ ᠭᠠᠷᠤᠭᠰᠠᠨ ᠨᠣᠷᠮ᠎ᠠ ᠶᠢ ᠳᠡᠭᠡᠭᠰᠢᠯᠡᠭᠦᠯᠬᠦ ᠲᠤᠰᠬᠠᠢ ᠠᠵᠢᠯᠯᠠᠭ᠎ᠠ ᠶᠢᠨ ᠳᠠᠶᠢᠴᠢᠯᠠᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/19
   ᠣᠢ ᠰᠢᠭᠤᠢ ᠬᠠᠮᠠᠭᠠᠯᠠᠭᠴᠢ ᠶᠢᠨ ᠡᠳᠦᠷ ᠲᠤᠲᠤᠮ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠣᠢ ᠰᠢᠭᠤᠢ ᠬᠠᠮᠠᠭᠠᠯᠠᠭᠴᠢ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠶᠢᠨ ᠲᠥᠯᠥᠭᠡ᠃ 4 ᠰᠠᠷ᠎ᠠ ᠶᠢᠨ 18 ᠤ ᠡᠳᠦᠷ᠂ ᠠᠶᠢᠮᠠᠭ ᠤᠨ ᠣᠢ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠶᠢᠨ ᠰᠢᠦᠢ ᠵᠢᠶᠠᠨ ᠨᠠᠷ ᠭᠤᠣᠯ ᠤᠨ ᠪᠠᠶᠢᠰᠢᠩ ᠪᠠᠯᠭᠠᠰᠤᠨ ᠳᠤ ᠭᠦᠨᠵᠡᠭᠡᠶᠢᠷᠡᠨ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠠᠮᠢ ᠠᠬᠤᠢ ᠶᠢᠨ ᠣᠢ ᠰᠢᠭᠤᠢ ᠬᠠᠮᠠᠭᠠᠯᠠᠭᠴᠢ ᠶᠢᠨ APP ᠶᠢ ᠲᠣᠭᠤᠷᠢᠨ ᠬᠠᠮᠠᠭᠠᠯᠠᠬᠤ ᠨᠣᠷᠮ᠎ᠠ ᠶᠢ ᠳᠡᠭᠡᠭᠰᠢᠯᠡᠭᠦᠯᠬᠦ ᠲᠤᠰᠬᠠᠢ ᠠᠵᠢᠯᠯᠠᠭ᠎ᠠ ᠶᠢᠨ ᠳᠠᠶᠢᠴᠢᠯᠠᠯᠲᠠ ᠶᠢᠨ ᠬᠤᠷᠠᠯ ᠬᠤᠷᠠᠯᠳᠤᠭᠤᠯᠪᠠ᠃    ᠳᠠᠶᠢᠴᠢᠯᠠᠯᠲᠠ ᠶᠢᠨ ᠬᠤᠷᠠᠯ ᠳᠡᠭᠡᠷ᠎ᠡ᠂ ᠰᠢᠦᠢ ᠵᠢᠶᠠᠨ ᠨᠠᠷ ︽ᠨᠢᠭᠤᠷᠳᠠᠬᠤ︾ ︽ᠭᠠᠷ︾ ᠤᠨ ᠬᠡᠯᠪᠡᠷᠢ ᠪᠠᠷ ᠳᠠᠮᠵᠢᠭᠤᠯᠤᠨ᠂ ᠠᠮᠢ ᠠᠬᠤᠢ ᠶᠢᠨ ᠣᠢ ᠰᠢᠭᠤᠢ ᠬᠠᠮᠠᠭᠠᠯᠠᠭᠴᠢ ᠶᠢᠨ APP ᠶᠢ ᠤᠭᠰᠠᠷᠠᠬᠤ᠂ ᠳᠠᠩᠰᠠᠯᠠᠬᠤ᠂ ᠲᠣᠭᠤᠷᠢᠨ ᠬᠠᠮᠠᠭᠠᠯᠠᠬᠤ᠂ ᠳᠠᠮᠵᠢᠭᠤᠯᠬᠤ ᠵᠠᠮ ᠮᠥᠷ᠂ ᠠᠵᠢᠯ ᠳᠤ ᠭᠠᠷᠬᠤ ᠶᠢ ᠰᠢᠯᠭᠠᠬᠤ ᠵᠡᠷᠭᠡ ᠠᠵᠢᠯᠯᠠᠭ᠎ᠠ ᠳᠤ ᠨᠠᠷᠢᠨ ᠨᠢᠮᠪᠠᠢ᠂ ᠪᠦᠬᠦ ᠲᠠᠯ᠎ᠠ ᠶᠢᠨ ᠲᠠᠶᠢᠯᠤᠮᠵᠢ ᠬᠢᠬᠦ ᠶᠢᠨ ᠬᠠᠮᠲᠤ ᠲᠣᠭᠤᠷᠢᠨ ᠬᠠᠮᠠᠭᠠᠯᠠᠬᠤ ᠡᠳᠦᠷ ᠤᠨ ᠲᠡᠮᠳᠡᠭᠯᠡᠯ ᠢ ᠲᠠᠭᠯᠠᠨ ᠪᠢᠴᠢᠬᠦ ᠱᠠᠭᠠᠷᠳᠠᠯᠭ᠎ᠠ ᠳᠤ ᠪᠣᠯᠪᠠᠰᠤᠷᠠᠭᠤᠯᠤᠯ ᠬᠢᠵᠦ᠂ ᠠᠮᠢ ᠠᠬᠤᠢ ᠶᠢᠨ ᠣᠢ ᠰᠢᠭᠤᠢ ᠬᠠᠮᠠᠭᠠᠯᠠᠭᠴᠢ ᠶᠢᠨ APP ᠪᠠᠷ ᠣᠢ ᠰᠢᠭᠤᠢ ᠶᠢ ᠴᠠᠭᠳᠠᠨ ᠪᠠᠶᠢᠴᠠᠭᠠᠬᠤ ᠶᠢ ᠣᠶᠢᠯᠠᠭᠠᠬᠤ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠃    ᠲᠤᠰ ᠤᠳᠠᠭᠠᠨ ᠤ ᠪᠣᠯᠪᠠᠰᠤᠷᠠᠯ ᠤᠨ ᠬᠤᠷᠠᠯ ᠢᠶᠠᠷ ᠳᠠᠮᠵᠢᠨ᠂ ᠠᠮᠢ ᠠᠬᠤᠢ ᠶᠢᠨ ᠣᠢ ᠰᠢᠭᠤᠢ ᠬᠠᠮᠠᠭᠠᠯᠠᠭᠴᠢᠳ APP ᠶᠢ ᠲᠣᠭᠤᠷᠢᠨ ᠬᠠᠮᠠᠭᠠᠯᠠᠬᠤ ᠲᠤᠬᠠᠢ ᠨᠡᠩ ᠭᠦᠨᠵᠡᠭᠡᠢ ᠲᠠᠨᠢᠯᠲᠠ ᠪᠠ ᠣᠶᠢᠯᠠᠭᠠᠯᠲᠠ ᠲᠠᠢ ᠪᠣᠯᠵᠤ᠂ ᠲᠣᠭᠤᠷᠢᠨ ᠬᠠᠮᠠᠭᠠᠯᠠᠬᠤ ᠠᠵᠢᠯ ᠤᠨ ᠦᠷ᠎ᠡ ᠪᠦᠲᠦᠮᠵᠢ ᠪᠠ ᠣᠨᠣᠪᠴᠢᠲᠤ ᠴᠢᠨᠠᠷ ᠢ ᠪᠦᠲᠦᠮᠵᠢᠲᠡᠢ ᠳᠡᠭᠡᠭᠰᠢᠯᠡᠭᠦᠯᠵᠦ ᠴᠢᠳᠠᠨ᠎ᠠ
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号