ᠬᠠᠪᠤᠷ ᠤᠨ ᠤᠯᠠᠷᠢᠯ ᠤᠨ ᠡᠪᠡᠳᠴᠢᠨ ᠤ ᠵᠠᠭᠤᠴᠢ ᠠᠮᠢᠳᠤ ᠪᠣᠳᠠᠰ ᠤᠨ ᠡᠭᠦᠰᠬᠦ ᠶᠢ ᠪᠦᠲᠦᠮᠵᠢᠲᠡᠢ ᠰᠡᠷᠭᠡᠶᠢᠯᠡᠨ | ᠬᠢᠵᠠᠭᠠᠷᠯᠠᠵᠤ᠂ ᠬᠠᠯᠳᠠᠪᠤᠷᠢᠲᠤ ᠡᠪᠡᠳᠴᠢᠨ ᠡᠭᠦᠰᠬᠦ ᠶᠢ ᠤᠷᠢᠳᠴᠢᠯᠠᠨ ᠰᠡᠷᠭᠡᠶᠢᠯᠡᠵᠦ᠂ ᠤᠯᠤᠰ ᠢᠶᠠᠨ ᠬᠠᠶᠢᠷᠠᠯᠠᠬᠤ | ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠭᠦᠨᠵᠡᠭᠡᠢ ᠥᠷᠨᠢᠬᠦ ᠶᠢ ᠦᠷᠭᠦᠯᠵᠢᠯᠡᠨ ᠠᠬᠢᠭᠤᠯᠬᠤ ᠶᠢᠨ ᠲᠥᠯᠥᠭᠡ᠂ | ᠣᠶᠢᠷ᠎ᠠ ᠳᠤ᠂ ᠪᠠᠶᠠᠨᠬᠤᠰᠢᠭᠤ ᠪᠠᠯᠭᠠᠰᠤ ᠬᠠᠪᠤᠷ ᠤᠨ ᠤᠯᠠᠷᠢᠯ ᠤᠨ ᠬᠤᠯᠤᠭᠠᠨ᠎ᠠ ᠤᠰᠠᠳᠬᠠᠬᠤ ᠨᠢᠭᠡᠳᠦᠯᠲᠡᠢ | ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃ | ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠵᠤ᠂ ᠡᠪᠡᠳᠴᠢᠨ ᠳᠠᠮᠵᠢᠭᠤᠯᠬᠤ ᠣᠷᠴᠢᠨ | ᠲᠣᠭᠤᠷᠢᠨ ᠢ ᠪᠠᠭᠠᠰᠬᠠᠨ᠎ᠠ᠃ ᠡᠮᠦᠨᠡᠬᠢ ᠬᠤᠭᠤᠴᠠᠭᠠᠨ ᠤ ᠥᠷᠨᠢᠭᠦᠯᠦᠭᠰᠡᠨ ᠣᠷᠣᠰᠢᠨ ᠰᠠᠭᠤᠬᠤ ᠣᠷᠴᠢᠨ | ᠲᠣᠭᠤᠷᠢᠨ ᠢ ᠴᠡᠭᠴᠡᠯᠡᠨ ᠵᠠᠰᠠᠬᠤ ᠠᠵᠢᠯᠯᠠᠭ᠎ᠠ ᠲᠠᠢ ᠤᠶᠠᠯᠳᠤᠭᠤᠯᠤᠨ᠂ ᠠᠮᠢᠳᠤᠷᠠᠯ ᠤᠨ ᠬᠤᠭ ᠨᠣᠪᠰᠢ ᠶᠢ | ᠳᠤᠷ᠎ᠠ ᠪᠠᠷ ᠢᠶᠠᠨ ᠣᠪᠣᠭᠠᠯᠠᠵᠤ ᠳᠤᠷ᠎ᠠ ᠪᠠᠷ ᠢᠶᠠᠨ ᠲᠠᠯᠪᠢᠵᠤ᠂ ᠬᠠᠷᠢᠶ᠎ᠠ ᠣᠷᠣᠨ ᠤ ᠣᠷᠴᠢᠨ ᠲᠣᠭᠤᠷᠢᠨ ᠤ ᠠᠷᠢᠭᠤᠨ | ᠴᠡᠪᠡᠷ ᠢ ᠪᠤᠵᠠᠷ ᠪᠤᠷᠲᠠᠭ᠂ ᠡᠷᠦᠢ ᠬᠤᠷᠤᠢ ᠦᠭᠡᠢ᠂ ᠪᠠᠷᠤᠭᠲᠠᠢ ᠭᠤᠣᠯᠳᠠᠯᠭ᠎ᠠ ᠲᠠᠢ ᠣᠷᠣᠨ ᠪᠦᠰᠡ ᠳᠤ ᠴᠡᠭᠴᠡᠯᠡᠨ | ᠵᠠᠰᠠᠯᠲᠠ ᠥᠷᠨᠢᠭᠦᠯᠵᠦ᠂ ᠬᠤᠭ ᠨᠣᠪᠰᠢ ᠶᠢ ᠴᠡᠪᠡᠷᠯᠡᠨ ᠲᠡᠭᠡᠭᠡᠪᠦᠷᠢᠯᠡᠬᠦ ᠤᠳᠠᠭ᠎ᠠ ᠶᠢ ᠨᠡᠮᠡᠭᠳᠡᠭᠦᠯᠦᠨ᠂ ᠲᠣᠮᠣ | ᠬᠡᠯᠪᠡᠷᠢ ᠶᠢᠨ ᠮᠠᠰᠢᠨ ᠢ ᠬᠥᠳᠡᠯᠭᠡᠨ ᠬᠤᠭ ᠨᠣᠪᠰᠢ ᠪᠤᠯᠠᠬᠤ ᠲᠠᠯᠠᠪᠠᠢ ᠶᠢ ᠴᠠᠭ ᠲᠤᠬᠠᠢ ᠳᠤᠨᠢ ᠰᠢᠢᠳᠪᠦᠷᠢᠯᠡᠬᠦ ᠶᠢᠨ | ᠬᠠᠮᠲᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠬᠡᠪᠰᠢᠭᠰᠡᠨ ᠲᠣᠭᠲᠠᠴᠠ ᠶᠢ | ᠴᠢᠩᠭ᠎ᠠ ᠨᠠᠶᠢᠳᠠᠪᠤᠷᠢᠵᠢᠭᠤᠯᠵᠤ᠂ ᠬᠤᠯᠤᠭᠠᠨ᠎ᠠ ᠶᠢᠨ ᠲᠥᠷᠥᠯ ᠤᠨ ᠣᠷᠣᠰᠢᠨ ᠰᠠᠭᠤᠬᠤ ᠭᠠᠵᠠᠷ ᠢ ᠪᠠᠭᠠᠰᠬᠠᠨ᠂ ᠡᠯ᠎ᠡ | ᠲᠥᠷᠥᠯ ᠤᠨ ᠡᠪᠡᠳᠴᠢᠨ ᠡᠮᠭᠡᠭ ᠡᠭᠦᠰᠬᠦ ᠪᠠ ᠳᠡᠯᠭᠡᠷᠡᠬᠦ ᠶᠢ ᠡᠬᠢ ᠡᠭᠦᠰᠦᠯ ᠠᠴᠠ ᠨᠢ ᠬᠤᠷᠢᠭᠯᠠᠬᠤ ᠬᠡᠷᠡᠭᠲᠡᠢ᠃ | ᠡᠭᠦᠨ ᠠᠴᠠ ᠭᠠᠳᠠᠨ᠎ᠠ᠂ ᠪᠠᠯᠭᠠᠰᠤᠨ ᠤ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠯᠪᠠᠨ ᠭᠡᠷ ᠣᠷᠴᠢᠨ | ᠲᠣᠭᠤᠷᠢᠨ ᠤ ᠠᠷᠢᠭᠤᠨ ᠴᠡᠪᠡᠷ ᠤᠨ ᠡᠳᠦᠷ ᠲᠤᠲᠤᠮ ᠤᠨ ᠬᠢᠨᠠᠨ ᠵᠢᠯᠣᠭᠤᠳᠴᠤ ᠪᠠᠶᠢᠴᠠᠭᠠᠬᠤ ᠡᠷᠴᠢᠮ ᠢᠶᠠᠨ | ᠴᠢᠩᠭᠠᠷᠠᠭᠤᠯᠵᠤ᠂ ᠪᠠᠶᠢᠴᠠᠭᠠᠬᠤ ᠶᠠᠪᠤᠴᠠ ᠳᠤ ᠢᠯᠡᠷᠡᠭᠦᠯᠦᠭᠰᠡᠨ ᠠᠷᠢᠭᠤᠨ ᠴᠡᠪᠡᠷ ᠤᠨ ᠠᠰᠠᠭᠤᠳᠠᠯ ᠳᠤ ᠴᠢᠭᠯᠡᠭᠦᠯᠦᠨ | ᠂ ᠲᠡᠷᠡ ᠳᠠᠷᠤᠢ ᠳᠤᠨᠢ ᠴᠡᠭᠴᠡᠯᠡᠨ ᠰᠠᠶᠢᠵᠢᠷᠠᠭᠤᠯᠵᠤ᠂ ᠰᠡᠷᠭᠡᠶᠢᠯᠡᠬᠦ ᠠᠵᠢᠯ ᠤᠨ ᠨᠠᠶᠢᠳᠠᠪᠤᠷᠢᠵᠢᠭᠤᠯᠤᠯᠲᠠ ᠶᠢ ᠨᠠᠷᠢᠨ | ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ | ᠰᠡᠷᠭᠡᠶᠢᠯᠡᠬᠦ ᠲᠥᠬᠦᠭᠡᠷᠦᠮᠵᠢ ᠤᠭᠰᠠᠷᠠᠵᠤ᠂ ᠡᠪᠡᠳᠴᠢᠨ ᠤ ᠵᠠᠭᠤᠴᠢ ᠠᠮᠢᠳᠤ ᠪᠣᠳᠠᠰ ᠤᠨ ᠦᠷᠡᠵᠢᠯᠲᠡ ᠶᠢ | ᠬᠤᠷᠢᠭᠯᠠᠨ᠎ᠠ᠃ ᠡᠯ᠎ᠡ ᠭᠠᠴᠠᠭ᠎ᠠ ᠨᠢ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠰᠠᠷ᠎ᠠ ᠪᠠ ᠬᠠᠪᠤᠷ ᠤᠨ | ᠤᠯᠠᠷᠢᠯ ᠤᠨ ᠬᠤᠯᠤᠭᠠᠨ᠎ᠠ ᠤᠰᠠᠳᠬᠠᠬᠤ ᠠᠵᠢᠯ ᠤᠨ ᠱᠠᠭᠠᠷᠳᠠᠯᠭ᠎ᠠ ᠲᠠᠢ ᠤᠶᠠᠯᠳᠤᠭᠤᠯᠤᠨ᠂ ᠵᠡᠭᠡᠯᠢ ᠭᠤᠳᠤᠮᠵᠢ ᠶᠢᠨ | ᠡᠷᠡᠭᠦᠯ ᠬᠠᠮᠠᠭᠠᠯᠠᠯ ᠤᠨ ᠦᠯᠦ ᠣᠨᠣᠭᠳᠠᠬᠤ ᠭᠠᠵᠠᠷ ᠢ ᠠᠷᠢᠯᠭᠠᠬᠤ᠂ ᠬᠤᠯᠤᠭᠠᠨ᠎ᠠ ᠶᠢᠨ ᠨᠦᠬᠡ ᠶᠢ ᠤᠰᠠᠳᠬᠠᠬᠤ᠂ | ᠬᠤᠣᠷᠲᠤ ᠥᠭᠶᠥᠭᠡ ᠶᠢᠨ ᠥᠷᠲᠡᠭᠡ ᠶᠢ ᠪᠠᠶᠢᠴᠠᠭᠠᠨ ᠭᠠᠷᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠡᠮᠦᠨᠡᠬᠢ | ᠬᠤᠭᠤᠴᠠᠭᠠᠨ ᠤ ᠪᠡᠯᠡᠳᠬᠡᠯ ᠢ ᠰᠠᠶᠢᠲᠤᠷ ᠬᠢᠬᠦ ᠬᠡᠷᠡᠭᠲᠡᠢ᠃ ᠪᠠᠯᠭᠠᠰᠤᠨ ᠤ ᠤᠯᠤᠰ ᠢᠶᠠᠨ ᠬᠠᠶᠢᠷᠠᠯᠠᠬᠤ ᠡᠷᠡᠭᠦᠯ | ᠬᠠᠮᠠᠭᠠᠯᠠᠯ ᠤᠨ ᠠᠯᠪᠠᠨ ᠭᠡᠷ ᠬᠤᠣᠷᠲᠤ ᠥᠭᠶᠥᠭᠡ ᠶᠢᠨ ᠥᠷᠲᠡᠭᠡ ᠵᠢᠴᠢ ᠬᠤᠯᠤᠭᠠᠨ᠎ᠠ ᠶᠢᠨ ᠡᠮ ᠢ ᠨᠢᠭᠡᠳᠦᠯᠲᠡᠢ | ᠲᠠᠷᠬᠠᠭᠠᠵᠤ᠂ ᠬᠤᠯᠤᠭᠠᠨ᠎ᠠ ᠤᠰᠠᠳᠬᠠᠬᠤ ᠬᠤᠣᠷᠲᠤ ᠥᠭᠶᠥᠭᠡ ᠶᠢᠨ ᠥᠷᠲᠡᠭᠡ ᠶᠢ ᠬᠡᠷᠡᠮ ᠤᠨ ᠪᠤᠯᠤᠩ᠂ | ᠨᠡᠶᠢᠲᠡ ᠶᠢᠨ ᠵᠣᠷᠯᠣᠩ᠂ ᠬᠤᠭ ᠨᠣᠪᠰᠢ ᠶᠢᠨ ᠬᠠᠶᠢᠷᠴᠠᠭ ᠤᠨ ᠡᠷᠭᠢᠨ ᠲᠣᠭᠤᠷᠢᠨ ᠵᠡᠷᠭᠡ ᠬᠤᠯᠤᠭᠠᠨ᠎ᠠ ᠶᠢᠨ | ᠲᠥᠷᠥᠯ ᠢ ᠦᠷᠭᠦᠯᠵᠢ ᠵᠣᠭᠰᠣᠭᠠᠬᠤ ᠪᠠ ᠬᠥᠳᠡᠯᠭᠡᠭᠡᠨ ᠬᠢᠬᠦ ᠣᠷᠣᠨ ᠪᠦᠰᠡ ᠳᠤ ᠪᠠᠶᠢᠷᠢᠯᠠᠭᠤᠯᠵᠤ᠂ ᠥᠨᠴᠥᠭ | ᠪᠤᠯᠤᠩ ᠦᠯᠡᠳᠡᠭᠡᠬᠦ ᠦᠭᠡᠢ᠂ ᠪᠦᠬᠦ ᠲᠠᠯ᠎ᠠ ᠪᠠᠷ ᠲᠠᠯᠪᠢᠵᠤ᠂ ᠡᠪᠡᠳᠴᠢᠨ ᠤ ᠵᠠᠭᠤᠴᠢ ᠠᠮᠢᠳᠤ ᠪᠣᠳᠠᠰ ᠪᠠ | ᠡᠪᠡᠳᠴᠢᠨ ᠬᠠᠯᠳᠠᠪᠤᠷᠢᠯᠠᠬᠤ ᠲᠦᠭᠰᠢᠭᠦᠷᠢ ᠶᠢ ᠤᠯᠠᠮ ᠨᠢᠭᠡ ᠠᠯᠬᠤᠮ ᠪᠠᠭᠠᠰᠬᠠᠵᠤ᠂ ᠮᠠᠯᠴᠢᠨ ᠲᠠᠷᠢᠶᠠᠴᠢᠨ | ᠲᠦᠮᠡᠨ ᠳᠤ ᠠᠮᠤᠷ ᠲᠦᠪᠰᠢᠨ᠂ ᠣᠷᠣᠰᠢᠨ ᠰᠠᠭᠤᠬᠤ ᠳᠤ ᠲᠣᠬᠢᠷᠠᠮᠵᠢᠲᠠᠢ ᠠᠮᠢᠳᠤᠷᠠᠯ ᠤᠨ ᠣᠷᠴᠢᠨ ᠲᠣᠭᠤᠷᠢᠨ ᠢ | ᠪᠣᠢ ᠪᠣᠯᠭᠠᠵᠤ ᠥᠭᠭᠦᠨ᠎ᠡ᠃ | | | | | |