ᠬᠤᠶᠠᠷᠰᠤᠮᠤ ᠪᠠᠯᠭᠠᠰᠤ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠠᠮᠢ ᠠᠬᠤᠢ ᠶᠢᠨ ᠣᠢ ᠬᠠᠮᠠᠭᠠᠯᠠᠭᠴᠢ ᠶᠢᠨ APP ᠱᠤᠭᠤᠮ ᠳᠤ ᠭᠠᠷᠤᠭᠰᠠᠨ ᠨᠣᠷᠮ᠎ᠠ ᠶᠢ ᠳᠡᠭᠡᠭᠰᠢᠯᠡᠭᠦᠯᠬᠦ ᠲᠤᠰᠬᠠᠢ ᠠᠵᠢᠯᠯᠠᠭ᠎ᠠ ᠶᠢᠨ ᠳᠠᠶᠢᠴᠢᠯᠠᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/19
   ᠣᠢ ᠰᠢᠭᠤᠢ ᠬᠠᠮᠠᠭᠠᠯᠠᠭᠴᠢ ᠶᠢᠨ ᠡᠩᠨᠡᠭᠡ ᠶᠢᠨ ᠲᠣᠭᠲᠠᠭᠤᠨ ᠪᠥᠭᠡᠳ ᠦᠷᠭᠦᠯᠵᠢᠯᠡᠨ ᠬᠥᠭᠵᠢᠬᠦ ᠶᠢ ᠠᠬᠢᠭᠤᠯᠬᠤ ᠶᠢᠨ ᠲᠥᠯᠥᠭᠡ᠂ 4 ᠰᠠᠷ᠎ᠠ ᠶᠢᠨ 18 ᠤ ᠡᠳᠦᠷ᠂ ᠬᠤᠶᠠᠷᠰᠤᠮᠤ ᠪᠠᠯᠭᠠᠰᠤ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠠᠮᠢ ᠠᠬᠤᠢ ᠶᠢᠨ ᠣᠢ ᠬᠠᠮᠠᠭᠠᠯᠠᠭᠴᠢ ᠶᠢᠨ APP ᠰᠦᠯᠵᠢᠶᠡᠨ ᠳᠤ ᠭᠠᠷᠤᠭᠰᠠᠨ ᠨᠣᠷᠮ᠎ᠠ ᠶᠢ ᠳᠡᠭᠡᠭᠰᠢᠯᠡᠭᠦᠯᠬᠦ ᠲᠤᠰᠬᠠᠢ ᠠᠵᠢᠯᠯᠠᠭ᠎ᠠ ᠶᠢᠨ ᠳᠠᠶᠢᠴᠢᠯᠠᠯᠲᠠ ᠶᠢᠨ ᠬᠤᠷᠠᠯ ᠬᠤᠷᠠᠯᠳᠤᠭᠤᠯᠪᠠ᠃ ᠠᠶᠢᠮᠠᠭ ᠤᠨ ᠣᠢ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠶᠢᠨ ᠰᠢᠦᠢ ᠵᠢᠶᠠᠨ ᠨᠠᠷ ᠳᠠᠶᠢᠴᠢᠯᠠᠯᠲᠠ ᠶᠢᠨ ᠬᠤᠷᠠᠯ ᠳᠤ ᠣᠷᠣᠯᠴᠠᠭᠰᠠᠨ ᠪᠥᠭᠡᠳ ᠲᠤᠬᠠᠢ ᠶᠢᠨ ᠲᠠᠯᠠᠪᠠᠢ ᠳᠤ ᠵᠢᠭᠠᠨ ᠵᠢᠯᠣᠭᠤᠳᠪᠠ᠃    ᠳᠠᠶᠢᠴᠢᠯᠠᠯᠲᠠ ᠶᠢᠨ ᠬᠤᠷᠠᠯ ᠳᠡᠭᠡᠷ᠎ᠡ᠂ ᠰᠢᠦᠢ ᠵᠢᠶᠠᠨ ᠵᠢᠴᠢ ᠬᠠᠮᠢᠶ᠎ᠠ ᠪᠦᠬᠦᠢ ᠠᠵᠢᠯᠲᠠᠨ ᠳᠥᠭᠦᠮ ᠣᠶᠢᠯᠠᠭᠠᠮᠵᠢᠲᠠᠢ ᠦᠭᠡ ᠬᠡᠯᠡ ᠪᠠᠷ ᠲᠤᠬᠠᠢ ᠶᠢᠨ ᠲᠠᠯᠠᠪᠠᠢ ᠳᠤ ᠣᠢ ᠰᠢᠭᠤᠢ ᠬᠠᠮᠠᠭᠠᠯᠠᠭᠴᠢᠳ ᠲᠤ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠠᠮᠢ ᠠᠬᠤᠢ ᠶᠢᠨ ᠣᠢ ᠰᠢᠭᠤᠢ ᠬᠠᠮᠠᠭᠠᠯᠠᠭᠴᠢ ᠶᠢ ᠬᠡᠷᠡᠭᠯᠡᠨ APP ᠶᠢ ᠲᠣᠭᠤᠷᠢᠨ ᠬᠠᠮᠠᠭᠠᠯᠠᠬᠤ ᠶᠢᠨ ᠴᠢᠬᠤᠯᠠ ᠴᠢᠨᠠᠷ ᠢ ᠲᠠᠶᠢᠯᠪᠤᠷᠢᠯᠠᠵᠤ᠂ APP ᠶᠢᠨ ᠦᠨᠳᠦᠰᠦᠨ ᠠᠷᠭ᠎ᠠ ᠪᠠ ᠠᠩᠬᠠᠷᠬᠤ ᠵᠦᠢᠯᠡᠰ ᠢ ᠲᠤᠬᠠᠢ ᠶᠢᠨ ᠲᠠᠯᠠᠪᠠᠢ ᠳᠤ ᠳᠡᠯᠭᠡᠨ ᠦᠵᠡᠭᠦᠯᠵᠦ᠂ ᠣᠢ ᠰᠢᠭᠤᠢ ᠬᠠᠮᠠᠭᠠᠯᠠᠭᠴᠢ ᠨᠢᠭᠡᠪᠦᠷᠢ ᠴᠥᠮ APP ᠶᠢᠨ ᠬᠡᠷᠡᠭᠯᠡᠬᠦ ᠠᠷᠭ᠎ᠠ ᠶᠢ ᠡᠵᠡᠮᠰᠢᠬᠦ ᠶᠢ ᠦᠨᠡᠨ ᠬᠦ ᠪᠠᠲᠤᠯᠠᠪᠠ᠃    ᠲᠤᠰ ᠤᠳᠠᠭᠠᠨ ᠤ ᠪᠣᠯᠪᠠᠰᠤᠷᠠᠭᠤᠯᠤᠯ ᠨᠢ ᠣᠢ ᠰᠢᠭᠤᠢ ᠬᠠᠮᠠᠭᠠᠯᠠᠭᠴᠢ ᠶᠢᠨ APP ᠶᠢᠨ ᠠᠵᠢᠯᠯᠠᠬᠤ ᠤᠷ᠎ᠠ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠣᠢ ᠰᠢᠭᠤᠢ ᠬᠠᠮᠠᠭᠠᠯᠠᠭᠴᠢ ᠶᠢᠨ ᠬᠠᠷᠢᠭᠤᠴᠠᠯᠭ᠎ᠠ ᠶᠢᠨ ᠤᠬᠠᠮᠰᠠᠷ ᠢ ᠴᠢᠩᠭᠠᠷᠠᠭᠤᠯᠤᠨ᠂ ᠬᠤᠶᠠᠷ ᠰᠤᠮᠤ ᠪᠠᠯᠭᠠᠰᠤᠨ ᠤ ᠣᠢ ᠰᠢᠭᠤᠢ ᠶᠢᠨ ᠬᠠᠮᠢᠶᠠᠷᠤᠯᠲᠠ ᠬᠠᠮᠠᠭᠠᠯᠠᠯᠲᠠ ᠶᠢᠨ ᠠᠵᠢᠯ ᠤᠨ ᠤᠷᠤᠭᠰᠢᠲᠠᠢ ᠶᠠᠪᠤᠭᠳᠠᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号