4 ᠰᠠᠷ᠎ᠠ ᠶᠢᠨ 16 ᠤ ᠡᠳᠦᠷ᠂ ᠰᠢᠨᠠᠵᠠᠮ ᠰᠤᠮᠤ ᠣᠳᠣᠬᠠᠨ ᠤ ᠭᠤᠣᠯᠳᠠᠯᠭ᠎ᠠ ᠲᠠᠢ ᠠᠵᠢᠯ ᠢ ᠠᠬᠢᠭᠤᠯᠬᠤ | ᠬᠤᠷᠠᠯ ᠬᠤᠷᠠᠯᠳᠤᠭᠤᠯᠵᠤ᠂ ᠬᠤᠷᠠᠯ ᠢ ᠰᠤᠮᠤᠨ ᠤ ᠨᠠᠮ ᠤᠨ ᠬᠤᠷᠢᠶᠠᠨ ᠤ ᠱᠦᠵᠢ ᠰᠢᠦᠢ ᠲᠢᠶᠠᠨ ᠡᠷᠬᠢᠯᠡᠵᠦ᠂ | ᠰᠤᠮᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ᠂ ᠬᠡᠰᠡᠭ ᠳᠠᠭᠠᠭᠠᠴᠢᠯᠠᠭᠰᠠᠨ ᠤᠳᠤᠷᠢᠳᠤᠯᠭ᠎ᠠ | ᠬᠤᠷᠠᠯ ᠳᠤ ᠣᠷᠣᠯᠴᠠᠪᠠ᠃ | ᠬᠤᠷᠠᠯ ᠠᠴᠠ ᠬᠤᠷᠴᠢᠨ ᠤ ᠡᠯᠡᠰᠦᠷᠬᠡᠭ ᠭᠠᠵᠠᠷ ᠢ ᠵᠠᠰᠠᠬᠤ᠂ ᠵᠠᠬᠢᠳᠠᠯ ᠰᠤᠷᠪᠤᠯᠵᠢᠯᠠᠭ᠎ᠠ ᠪᠠᠷ ᠲᠣᠭᠲᠠᠭᠤᠨ ᠢ | ᠬᠠᠮᠠᠭᠠᠯᠠᠬᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ᠂ ᠬᠠᠤᠯᠢ ᠠᠴᠠ ᠵᠥᠷᠢᠴᠡᠭᠰᠡᠨ | ᠵᠢᠷᠤᠭ ᠢ ᠴᠡᠭᠴᠡᠯᠡᠨ ᠰᠠᠶᠢᠵᠢᠷᠠᠭᠤᠯᠬᠤ᠂ ︽ᠳᠥᠷᠪᠡ ᠶᠢ ᠴᠠᠭᠠᠵᠠᠯᠠᠬᠤ︾ ᠵᠡᠷᠭᠡ ᠣᠳᠣᠬᠠᠨ ᠤ ᠭᠤᠣᠯᠳᠠᠯᠭ᠎ᠠ ᠲᠠᠢ | ᠠᠵᠢᠯ ᠢ ᠳᠠᠬᠢᠨ ᠲᠣᠬᠢᠷᠠᠭᠤᠯᠵᠤ᠂ ᠳᠠᠬᠢᠨ ᠪᠠᠶᠢᠷᠢᠯᠠᠭᠤᠯᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠨᠢᠭᠡ ᠳᠤ ᠦᠵᠡᠯ ᠰᠠᠨᠠᠭ᠎ᠠ ᠲᠠᠨᠢᠯᠲᠠ ᠪᠠᠨ ᠦᠨᠡᠨᠬᠦ ᠳᠡᠭᠡᠭᠰᠢᠯᠡᠭᠦᠯᠵᠦ᠂ | ᠲᠤᠰ ᠭᠠᠴᠠᠭᠠᠨ ᠤ ᠡᠯᠡᠰᠦᠨ ᠭᠠᠵᠠᠷ ᠤᠨ ᠵᠢᠷᠤᠭ ᠤᠨ ᠲᠣᠯᠪᠤ ᠶᠢᠨ ᠪᠣᠳᠠᠲᠠᠢ ᠪᠠᠶᠢᠳᠠᠯ᠂ ᠡᠯᠡᠰᠦᠷᠬᠡᠭ ᠭᠠᠵᠠᠷ ᠢ | ᠵᠠᠰᠠᠬᠤ ᠠᠬᠢᠴᠠ ᠶᠢ ᠰᠠᠶᠢᠲᠤᠷ ᠣᠶᠢᠯᠠᠭᠠᠵᠤ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠠᠵᠢᠯ ᠢ ᠰᠠᠶᠢᠲᠤᠷ | ᠬᠢᠬᠦ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ᠂ ᠲᠤᠯᠭᠠᠮ᠎ᠠ ᠰᠡᠳᠬᠢᠯᠭᠡ ᠪᠠᠨ ᠤᠯᠠᠮ ᠨᠢᠭᠡ ᠠᠯᠬᠤᠮ | ᠴᠢᠩᠭᠠᠳᠬᠠᠬᠤ ᠬᠡᠷᠡᠭᠲᠡᠢ᠃ ᠬᠤᠶᠠᠷ ᠲᠤ᠂ ᠬᠠᠮᠢᠶᠠᠷᠤᠨ ᠡᠵᠡᠮᠳᠡᠬᠦ ᠡᠷᠴᠢᠮ ᠢᠶᠠᠨ ᠴᠢᠩᠭᠠᠷᠠᠭᠤᠯᠵᠤ᠂ ᠵᠥᠷᠢᠴᠡᠯ | ᠵᠢᠭᠤᠷᠠᠯᠳᠤᠭᠠᠨ ᠪᠠ ᠠᠮᠤᠷ ᠲᠦᠪᠰᠢᠨ ᠤ ᠳᠠᠯᠳᠠ ᠭᠡᠮ ᠢ ᠢᠳᠡᠪᠬᠢᠲᠡᠢ ᠭᠦᠨᠵᠡᠭᠡᠢ ᠵᠢᠭᠰᠠᠭᠠᠨ ᠪᠠᠶᠢᠴᠠᠭᠠᠵᠤ᠂ ᠡᠯ᠎ᠡ | ᠭᠠᠴᠠᠭᠠᠨ ᠤ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠡᠮᠬᠢᠯᠡᠨ ᠵᠢᠭᠰᠠᠭᠠᠬᠤ᠂ ᠵᠠᠳᠠᠯᠤᠨ ᠰᠤᠳᠤᠯᠵᠤ | ᠮᠠᠭᠠᠳᠯᠠᠬᠤ᠂ ᠬᠥᠳᠡᠯᠦᠩᠭᠦᠢ ᠪᠠᠷ ᠮᠡᠳᠡᠭᠦᠯᠦᠨ ᠬᠦᠷᠭᠡᠬᠦ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢ ᠪᠦᠬᠦ ᠲᠠᠯ᠎ᠠ ᠪᠠᠷ | ᠰᠠᠶᠢᠲᠤᠷ ᠡᠵᠡᠮᠳᠡᠵᠦ᠂ ᠡᠯ᠎ᠡ ᠲᠥᠷᠥᠯ ᠤᠨ ᠵᠥᠷᠢᠴᠡᠯ ᠢ ᠴᠠᠭ ᠲᠤᠬᠠᠢ ᠳᠤᠨᠢ ᠠᠷᠢᠯᠭᠠᠬᠤ ᠬᠡᠷᠡᠭᠲᠡᠢ᠃ ᠭᠤᠷᠪᠠ ᠳᠤ᠂ | ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ᠂ ᠡᠯ᠎ᠡ ᠭᠠᠴᠠᠭ᠎ᠠ ᠶᠢᠨ ᠬᠢᠨ ᠨᠠᠮ ᠤᠨ ᠭᠡᠰᠢᠭᠦᠨ ᠺᠠᠳ᠋ᠷ᠂ | ᠲᠣᠣᠷᠵᠢᠭᠤᠯᠤᠯᠲᠠ ᠶᠢᠨ ᠠᠵᠢᠯᠲᠠᠨ᠂ ᠰᠠᠶᠢᠨ ᠳᠤᠷ᠎ᠠ ᠶᠢᠨ ᠠᠵᠢᠯᠯᠠᠭᠴᠢ ᠵᠡᠷᠭᠡ ᠬᠦᠴᠦᠨ ᠢ ᠦᠷᠭᠦᠯᠵᠢᠯᠡᠨ ᠵᠣᠬᠢᠶᠠᠨ | ᠪᠠᠶᠢᠭᠤᠯᠤᠨ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠵᠦ᠂ ᠵᠠᠰᠠᠮᠠᠯ | ᠵᠠᠮ ᠳᠠᠭᠠᠤ᠂ ᠭᠤᠣᠯ ᠤᠨ ᠵᠠᠮ ᠰᠤᠪᠠᠭ᠂ ᠭᠡᠷ ᠤᠨ ᠡᠮᠦᠨ᠎ᠡ ᠬᠤᠶᠢᠨ᠎ᠠ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢ | ᠴᠢᠩᠭ᠎ᠠ ᠠᠩᠬᠠᠷᠤᠨ ᠪᠦᠬᠦ ᠲᠠᠯ᠎ᠠ ᠪᠠᠷ ᠴᠡᠪᠡᠷᠯᠡᠵᠦ᠂ ᠴᠡᠭᠴᠡᠯᠡᠨ ᠵᠠᠰᠠᠬᠤ ᠠᠵᠢᠯᠯᠠᠭ᠎ᠠ ᠶᠢ ᠨᠡᠶᠢᠳᠡᠮ ᠪᠦᠷᠬᠦᠭᠦᠯᠵᠦ᠂ | ᠥᠨᠴᠥᠭ ᠪᠤᠯᠤᠩ ᠦᠯᠡᠳᠡᠭᠡᠯ ᠦᠭᠡᠢ᠂ ᠪᠣᠳᠠᠲᠤ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ᠃ | ᠳᠥᠷᠪᠡ ᠳᠤ᠂ ᠰᠦᠷ ᠬᠦᠴᠦᠲᠦ ᠪᠠᠶᠢᠳᠠᠯ ᠢᠶᠠᠨ ᠦᠷᠭᠦᠯᠵᠢᠯᠡᠨ ᠪᠠᠲᠤᠯᠠᠵᠤ᠂ ᠲᠣᠯᠪᠤ ᠪᠠᠷ ᠴᠡᠭᠴᠡᠯᠡᠨ | ᠰᠠᠶᠢᠵᠢᠷᠠᠭᠤᠯᠬᠤ ᠠᠵᠢᠯ ᠢ ᠬᠦᠴᠦᠲᠡᠢ ᠠᠬᠢᠭᠤᠯᠵᠤ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠤᠰ ᠲᠥᠷᠥ ᠶᠢᠨ | ᠬᠠᠷᠢᠭᠤᠴᠠᠯᠭ᠎ᠠ ᠶᠢ ᠡᠷᠡᠰ ᠪᠠᠲᠤ ᠡᠭᠦᠷᠭᠡᠯᠡᠬᠦ ᠬᠡᠷᠡᠭᠲᠡᠢ᠃ ᠲᠠᠪᠤ ᠳᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ | ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠬᠤᠯᠠᠭᠠᠶᠢᠯᠠᠨ ᠮᠠᠯᠵᠢᠬᠤ ᠠᠵᠢᠯᠯᠠᠭ᠎ᠠ ᠶᠢ ᠡᠷᠡᠰ ᠬᠤᠷᠢᠭᠯᠠᠵᠤ᠂ | ᠨᠡᠩ ᠴᠢᠩᠭ᠎ᠠ ᠨᠡᠩ ᠪᠣᠳᠠᠲᠠᠢ ᠠᠵᠢᠯ ᠤᠨ ᠪᠠᠷᠢᠮᠵᠢᠶ᠎ᠠ ᠪᠠᠷ ᠠᠮᠢ ᠠᠬᠤᠢ ᠶᠢᠨ ᠣᠷᠴᠢᠨ ᠨᠥᠬᠦᠴᠡᠯ ᠢ ᠦᠨᠡᠨ ᠬᠦ | ᠬᠠᠮᠠᠭᠠᠯᠠᠬᠤ ᠬᠡᠷᠡᠭᠲᠡᠢ᠃ | | | |