ᠴᠡᠪᠡᠷ ᠴᠡᠮᠴᠡᠭᠡᠷ ᠪᠣᠯᠪᠠᠰᠤᠨ᠂ ᠲᠠᠭᠠᠯᠠᠮᠵᠢᠲᠠᠢ ᠰᠠᠶᠢᠬᠠᠨ ᠣᠷᠣᠰᠢᠨ ᠰᠠᠭᠤᠬᠤ ᠣᠷᠴᠢᠨ ᠲᠣᠭᠤᠷᠢᠨ ᠢ ᠤᠯᠠᠮ | ᠨᠢᠭᠡ ᠠᠯᠬᠤᠮ ᠡᠭᠦᠳᠦᠨ ᠪᠠᠶᠢᠭᠤᠯᠵᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠵᠠᠰᠠᠯᠲᠠ ᠶᠢᠨ ᠦᠷ᠎ᠡ | ᠪᠦᠲᠦᠮᠵᠢ ᠶᠢ ᠪᠠᠬᠢᠵᠢᠭᠦᠯᠦᠨ ᠳᠡᠭᠡᠭᠰᠢᠯᠡᠭᠦᠯᠬᠦ ᠶᠢᠨ ᠲᠥᠯᠥᠭᠡ᠂ ᠣᠶᠢᠷ᠎ᠠ ᠶᠢᠨ ᠡᠳᠦᠷ ᠤᠳ ᠲᠤ᠂ ᠰᠢᠨᠠᠵᠠᠮ ᠰᠤᠮᠤ ︽ | ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠰᠠᠷ᠎ᠠ︾ ᠶᠢᠨ ᠭᠤᠣᠯ ᠰᠡᠳᠦᠪ ᠲᠠᠢ ᠤᠶᠠᠯᠳᠤᠭᠤᠯᠤᠨ᠂ | ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠴᠡᠭᠴᠡᠯᠡᠨ ᠵᠠᠰᠠᠬᠤ ᠠᠵᠢᠯᠯᠠᠭ᠎ᠠ ᠶᠢ ᠦᠷᠭᠦᠯᠵᠢᠯᠡᠨ ᠯᠠᠪᠳᠠᠭᠤᠨ | ᠪᠠᠲᠤᠲᠠᠢ ᠥᠷᠨᠢᠭᠦᠯᠵᠦ᠂ ᠬᠥᠳᠡᠭᠡ ᠲᠣᠰᠬᠤᠨ ᠪᠠ ᠦᠵᠡᠰᠬᠦᠯᠡᠩᠲᠦ ᠰᠠᠶᠢᠬᠠᠨ ᠣᠷᠣᠰᠢᠨ ᠰᠠᠭᠤᠬᠤ ᠳᠤ | ᠲᠣᠬᠢᠷᠠᠮᠵᠢᠲᠠᠢ ᠰᠢᠨ᠎ᠡ ᠳᠦᠷᠰᠦ ᠪᠠᠶᠢᠳᠠᠯ ᠢ ᠬᠦᠴᠦᠯᠡᠨ ᠪᠣᠢ ᠪᠣᠯᠭᠠᠪᠠ᠃ | ᠠᠵᠢᠯᠯᠠᠭ᠎ᠠ ᠶᠢᠨ ᠳᠤᠮᠳᠠ᠂ ᠡᠯ᠎ᠡ ᠭᠠᠴᠠᠭ᠎ᠠ ᠲᠣᠰᠬᠤᠨ ᠤ ︽ᠬᠤᠶᠠᠷ ᠵᠥᠪᠯᠡᠯ︾ ᠤᠨ ᠺᠠᠳ᠋ᠷ᠂ ᠰᠦᠯᠵᠢᠶᠡᠨ ᠤ | ᠠᠵᠢᠯᠲᠠᠨ᠂ ᠰᠠᠶᠢᠨ ᠳᠤᠷ᠎ᠠ ᠶᠢᠨ ᠠᠵᠢᠯᠯᠠᠭᠴᠢ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠵᠡᠷᠭᠡ | ᠬᠦᠴᠦᠨ ᠢ ᠵᠣᠬᠢᠶᠠᠨ ᠪᠠᠶᠢᠭᠤᠯᠵᠤ᠂ ᠬᠠᠷᠢᠶᠠᠲᠤ ᠣᠷᠣᠨ ᠤ ᠭᠤᠣᠯ ᠵᠡᠭᠡᠯᠢ ᠳᠠᠭᠠᠤ᠂ ᠭᠡᠷ ᠤᠨ ᠠᠷᠤ ᠥᠪᠥᠷ᠂ | ᠪᠢᠶᠠᠨ ᠵᠢᠶᠣᠤ ᠭᠧᠦ ᠰᠤᠪᠠᠭ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢ ᠪᠦᠬᠦ ᠲᠠᠯ᠎ᠠ ᠪᠠᠷ ᠴᠡᠪᠡᠷᠯᠡᠵᠦ᠂ ᠣᠷᠴᠢᠨ | ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ ᠳᠤ ᠰᠣᠬᠤᠷ ᠪᠠᠯᠠᠢ ᠭᠠᠵᠠᠷ ᠦᠯᠡᠳᠡᠭᠡᠬᠦ ᠦᠭᠡᠢ᠂ ᠬᠠᠰᠢ | ᠶᠠᠰᠢ ᠥᠩᠭᠡᠷᠡᠭᠦᠯᠬᠦ ᠦᠭᠡᠢ ᠪᠠᠶᠢᠬᠤ ᠶᠢ ᠦᠨᠡᠨ ᠬᠦ ᠪᠠᠲᠤᠯᠠᠵᠤ᠂ ᠬᠥᠳᠡᠭᠡ ᠲᠣᠰᠬᠤᠨ ᠤ ︽ᠦᠵᠡᠰᠬᠦᠯᠡᠩᠲᠦ | ᠰᠠᠶᠢᠬᠠᠨ ᠵᠢᠰᠦ ᠴᠢᠷᠠᠢ︾ ᠪᠠ ᠣᠯᠠᠨ ᠲᠦᠮᠡᠨ ᠤ ︽ᠵᠣᠯ ᠵᠢᠷᠭᠠᠯ ᠤᠨ ᠵᠢᠭᠠᠯᠲᠠ ᠲᠤᠭ᠎ᠠ︾ ᠶᠢ ᠪᠦᠲᠦᠮᠵᠢᠲᠡᠢ | ᠳᠡᠭᠡᠭᠰᠢᠯᠡᠭᠦᠯᠪᠡ᠃ | ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯᠯᠠᠭ᠎ᠠ ᠶᠢ | ᠪᠠᠶᠢᠩᠭᠤᠵᠢᠭᠤᠯᠤᠨ ᠥᠷᠨᠢᠭᠦᠯᠬᠦ ᠪᠠᠷ ᠳᠠᠮᠵᠢᠭᠤᠯᠤᠨ᠂ ᠬᠠᠷᠢᠶ᠎ᠠ ᠣᠷᠣᠨ ᠤ ᠬᠥᠮᠦᠰ ᠤᠨ ᠣᠷᠣᠰᠢᠨ ᠰᠠᠭᠤᠬᠤ | ᠣᠷᠴᠢᠨ ᠲᠣᠭᠤᠷᠢᠨ ᠢ ᠴᠡᠪᠡᠷᠰᠢᠭᠦᠯᠦᠭᠰᠡᠨ ᠢᠶᠠᠷ ᠪᠠᠷᠠᠬᠤ ᠦᠭᠡᠢ ᠪᠠᠰᠠ ᠮᠠᠯᠴᠢᠨ ᠲᠠᠷᠢᠶᠠᠴᠢᠨ ᠢ ᠳᠠᠶᠢᠴᠢᠯᠠᠨ | ᠤᠬᠠᠮᠰᠠᠷ ᠠᠴᠠ ᠪᠠᠨ ᠣᠷᠴᠢᠨ ᠲᠣᠭᠤᠷᠢᠨ ᠤ ᠠᠷᠢᠭᠤᠨ ᠴᠡᠪᠡᠷ ᠢ ᠪᠠᠲᠤᠯᠠᠬᠤ ᠰᠠᠶᠢᠨ ᠰᠠᠶᠢᠬᠠᠨ ᠳᠠᠳᠬᠠᠯ ᠲᠠᠢ | ᠪᠣᠯᠭᠠᠵᠤ᠂ ︽ᠣᠷᠴᠢᠨ ᠲᠣᠭᠤᠷᠢᠨ ᠢ ᠴᠡᠭᠴᠡᠯᠡᠨ ᠵᠠᠰᠠᠵᠤ᠂ ᠬᠥᠮᠦᠨ ᠪᠦᠬᠦᠨ ᠣᠷᠣᠯᠴᠠᠬᠤ︾ ᠭᠦᠨ ᠵᠤᠵᠠᠭᠠᠨ | ᠠᠭᠤᠷ ᠠᠮᠢᠰᠬᠤᠯ ᠢ ᠪᠣᠢ ᠪᠣᠯᠭᠠᠪᠠ᠃ | ᠳᠠᠷᠠᠭᠠᠴᠢ ᠶᠢᠨ ᠠᠯᠬᠤᠮ ᠳᠤ᠂ ᠮᠠᠨ ᠤ ᠰᠤᠮᠤ ᠨᠡᠩ ᠥᠨᠳᠥᠷ ᠪᠠᠷᠢᠮᠵᠢᠶ᠎ᠠ᠂ ᠨᠡᠩ ᠴᠢᠩᠭ᠎ᠠ ᠱᠠᠭᠠᠷᠳᠠᠯᠭ᠎ᠠ ᠪᠠᠷ | ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠠᠬᠢᠭᠤᠯᠵᠤ᠂ ᠬᠠᠷᠢᠶᠠᠲᠤ | ᠣᠷᠣᠨ ᠤ ᠥᠷᠭᠡᠨ ᠣᠯᠠᠨ ᠮᠠᠯᠴᠢᠨ ᠲᠠᠷᠢᠶᠠᠴᠢᠨ ᠲᠦᠮᠡᠨ ᠤ ᠵᠣᠯ ᠵᠢᠷᠭᠠᠯᠲᠤ ᠲᠥᠷᠥᠭᠳᠡᠯ ᠪᠠ ᠬᠠᠨᠤᠮᠵᠢ ᠶᠢᠨ | ᠬᠡᠮᠵᠢᠶ᠎ᠡ ᠶᠢ ᠦᠨᠡᠨ ᠬᠦ ᠳᠡᠭᠡᠭᠰᠢᠯᠡᠭᠦᠯᠦᠨ᠎ᠡ᠃ | |