4 ᠰᠠᠷ᠎ᠠ ᠶᠢᠨ 18 ᠤ ᠡᠳᠦᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠲᠠᠷᠢᠶᠠᠯᠠᠩ ᠮᠠᠯ ᠠᠵᠤ | ᠠᠬᠤᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠠᠵᠢᠯᠲᠠᠳ | ᠬᠥᠭᠵᠢᠯᠲᠦ ᠨᠡᠶᠢᠭᠡᠮ ᠲᠣᠭᠤᠷᠢᠭ ᠲᠤ ᠭᠦᠨᠵᠡᠭᠡᠶᠢᠷᠡᠨ ᠲᠠᠷᠢᠶᠠᠯᠠᠩ ᠮᠠᠯ ᠠᠵᠤ ᠠᠬᠤᠢ ᠶᠢᠨ ᠬᠠᠮᠢᠶ᠎ᠠ ᠪᠦᠬᠦᠢ ᠬᠠᠤᠯᠢ | ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠥᠷᠭᠡᠨ ᠣᠯᠠᠨ ᠲᠦᠮᠡᠨ ᠤ | ᠬᠠᠤᠯᠢ ᠰᠤᠷᠬᠤ᠂ ᠬᠠᠤᠯᠢ ᠣᠶᠢᠯᠠᠭᠠᠬᠤ᠂ ᠬᠠᠤᠯᠢ ᠰᠠᠬᠢᠬᠤ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ | ᠬᠠᠤᠯᠢ ᠴᠠᠭᠠᠵᠠ ᠬᠠᠤᠯᠢ ᠲᠣᠭᠲᠠᠭᠠᠯ ᠢ ᠣᠯᠠᠨ ᠲᠦᠮᠡᠨ ᠤ ᠭᠠᠷ ᠲᠤ ᠬᠦᠷᠭᠡᠵᠦ᠂ ᠣᠯᠠᠨ ᠲᠦᠮᠡᠨ ᠤ ᠬᠠᠤᠯᠢ | ᠴᠠᠭᠠᠵᠠ ᠶᠢᠨ ᠬᠡᠪ ᠴᠢᠨᠠᠷ ᠢ ᠦᠨᠡᠨ ᠬᠦ ᠳᠡᠭᠡᠭᠰᠢᠯᠡᠭᠦᠯᠪᠡ᠃ | ᠲᠤᠰ ᠤᠳᠠᠭᠠᠨ ᠤ ᠠᠵᠢᠯᠯᠠᠭ᠎ᠠ ᠨᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ | ᠪᠣᠳᠣᠯᠭ᠎ᠠ ᠶᠢ ᠬᠡᠷᠡᠭᠵᠢᠭᠦᠯᠬᠦ ᠶᠡᠷᠦᠩᠬᠡᠢ ᠱᠠᠭᠠᠷᠳᠠᠯᠭ᠎ᠠ ᠪᠠ ᠪᠠᠶᠢᠷᠢᠯᠠᠭᠤᠯᠤᠯᠲᠠ ᠶᠢᠨ ᠲᠣᠭᠤᠷᠢᠨ ᠳᠤ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠲᠠᠢ ᠬᠤᠯᠪᠣᠭᠳᠠᠬᠤ ᠴᠢᠭᠯᠡᠯᠲᠡ | ᠲᠥᠷᠥ ᠶᠢᠨ ᠪᠣᠳᠣᠯᠭ᠎ᠠ ᠪᠠ ᠲᠠᠷᠢᠶᠠᠯᠠᠩ ᠮᠠᠯ ᠠᠵᠤ ᠠᠬᠤᠢ ᠶᠢᠨ ᠬᠠᠤᠯᠢ ᠴᠠᠭᠠᠵᠠ ᠬᠠᠤᠯᠢ ᠲᠣᠭᠲᠠᠭᠠᠯ ᠢ ᠶᠡᠬᠡᠪᠡᠷ | ᠤᠬᠠᠭᠤᠯᠵᠤ᠂ ᠣᠯᠠᠨ ᠲᠦᠮᠡᠨ ᠤ ᠬᠠᠤᠯᠢ ᠪᠠᠷ ᠵᠠᠰᠠᠬᠤ ᠬᠡᠪ ᠪᠣᠯᠪᠠᠰᠤᠷᠠᠯ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ | ᠣᠯᠠᠨ ᠲᠦᠮᠡᠨ ᠤ ︽ᠬᠠᠤᠯᠢ ᠶᠢ ᠬᠦᠨᠳᠦᠳᠬᠡᠬᠦ᠂ ᠬᠠᠤᠯᠢ ᠶᠢ ᠰᠤᠷᠤᠯᠴᠠᠬᠤ᠂ ᠬᠠᠤᠯᠢ ᠶᠢ ᠰᠠᠬᠢᠬᠤ᠂ ᠬᠠᠤᠯᠢ ᠶᠢ | ᠬᠡᠷᠡᠭᠯᠡᠬᠦ︾ ᠵᠡᠷᠭᠡ ᠠᠭᠤᠯᠭ᠎ᠠ ᠶᠢ ᠭᠤᠣᠯᠳᠠᠯᠭ᠎ᠠ ᠲᠠᠢ ᠤᠬᠠᠭᠤᠯᠪᠠ᠃ ᠤᠬᠠᠭᠤᠯᠭ᠎ᠠ ᠬᠥᠮᠦᠵᠢᠯ ᠢᠶᠠᠷ ᠳᠠᠮᠵᠢᠭᠤᠯᠤᠨ᠂ | ᠣᠯᠠᠨ ᠲᠦᠮᠡᠨ ᠳᠤ ᠬᠠᠤᠯᠢ ᠲᠦᠭᠡᠮᠡᠯᠵᠢᠭᠦᠯᠬᠦ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠬᠠᠤᠯᠢ ᠶᠢ | ᠵᠢᠷᠤᠮᠯᠠᠨ ᠬᠠᠤᠯᠢ ᠶᠢ ᠰᠤᠷᠴᠤ ᠬᠠᠤᠯᠢ ᠶᠢ ᠰᠠᠬᠢᠨ ᠬᠠᠤᠯᠢ ᠶᠢ ᠬᠡᠷᠡᠭᠯᠡᠬᠦ ᠤᠬᠠᠮᠰᠠᠷ ᠢᠶᠠᠨ ᠦᠨᠡᠨ ᠬᠦ ᠴᠢᠩᠭᠠᠳᠬᠠᠨ᠂ | ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠵᠤ᠂ ᠠᠵᠤ ᠠᠬᠤᠢ ᠨᠡᠶᠢᠭᠡᠮ ᠤᠨ ᠡᠷᠡᠭᠦᠯ ᠲᠣᠭᠲᠠᠭᠤᠨ ᠡᠶ᠎ᠡ | ᠵᠣᠬᠢᠴᠠᠯ ᠲᠠᠢ ᠬᠥᠭᠵᠢᠯᠲᠡ ᠶᠢ ᠠᠬᠢᠭᠤᠯᠤᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ | ᠪᠣᠳᠣᠯᠭ᠎ᠠ ᠶᠢ ᠬᠡᠷᠡᠭᠵᠢᠭᠦᠯᠬᠦ ᠳᠤ ᠬᠠᠤᠯᠢ ᠪᠠᠷ ᠵᠠᠰᠠᠬᠤ ᠰᠠᠶᠢᠨ ᠰᠠᠶᠢᠬᠠᠨ ᠣᠷᠴᠢᠨ ᠨᠥᠬᠦᠴᠡᠯ ᠢ ᠪᠣᠢ ᠪᠣᠯᠭᠠᠬᠤ | ᠬᠡᠷᠡᠭᠲᠡᠢ᠃ |