ᠵᠠᠯᠠᠭᠤ ᠪᠠᠭ᠎ᠠ ᠰᠤᠷᠤᠭᠴᠢᠳ ᠤᠨ ᠡᠷᠡᠭᠦᠯ ᠢᠶᠠᠷ ᠥᠰᠦᠨ ᠪᠤᠶᠢᠵᠢᠬᠤ ᠶᠢ ᠤᠯᠠᠮ ᠨᠢᠭᠡ ᠠᠯᠬᠤᠮ ᠠᠬᠢᠭᠤᠯᠵᠤ᠂ | ᠨᠠᠰᠤᠨ ᠳᠤ ᠦᠯᠦ ᠬᠦᠷᠦᠭᠰᠡᠳ ᠤᠨ ᠬᠠᠤᠯᠢ ᠪᠠᠷ ᠵᠠᠰᠠᠬᠤ ᠦᠵᠡᠯᠲᠡ ᠶᠢ ᠴᠢᠩᠭᠠᠳᠬᠠᠬᠤ ᠶᠢᠨ ᠲᠥᠯᠥᠭᠡ᠂ | ᠣᠶᠢᠷ᠎ᠠ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ | ᠡᠷᠡᠭᠦᠦ ᠶᠢᠨ ᠬᠡᠷᠡᠭ ᠤᠨ ᠲᠢᠩᠬᠢᠮ ᠤᠨ ᠺᠠᠳ᠋ᠷ ᠴᠠᠭᠳᠠᠭ᠎ᠠ ᠪᠠᠶᠠᠨᠬᠤᠰᠢᠭᠤ ᠲᠠᠪᠤᠳᠤᠭᠠᠷ ᠪᠠᠭ᠎ᠠ ᠰᠤᠷᠭᠠᠭᠤᠯᠢ ᠳᠤ | ᠬᠦᠷᠴᠦ ︽ᠬᠠᠤᠯᠢ ᠶᠣᠰᠣᠭᠠᠷ ᠰᠤᠷᠭᠠᠭᠤᠯᠢ ᠶᠢᠨ ᠬᠦᠷᠢᠶᠡᠨ ᠤ ᠦᠰᠦᠨ ᠪᠤᠶᠢᠵᠢᠯᠲᠠ ᠶᠢ ᠬᠠᠮᠠᠭᠠᠯᠠᠬᠤ︾ ᠪᠠᠷ | ᠭᠤᠣᠯ ᠰᠡᠳᠦᠪ ᠪᠣᠯᠭᠠᠭᠰᠠᠨ ᠬᠠᠤᠯᠢ ᠪᠠᠷ ᠵᠠᠰᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠺᠠᠳ᠋ᠷ ᠴᠠᠭᠳᠠᠭ᠎ᠠ ᠨᠠᠷ ᠪᠠᠭ᠎ᠠ ᠰᠤᠷᠭᠠᠭᠤᠯᠢ ᠶᠢᠨ | ᠰᠤᠷᠤᠭᠴᠢᠳ ᠤᠨ ᠨᠠᠰᠤᠨ ᠤ ᠪᠦᠲᠦᠴᠡ ᠵᠢᠴᠢ ᠰᠡᠳᠬᠢᠴᠡ ᠶᠢᠨ ᠣᠨᠴᠠᠯᠢᠭ ᠲᠤ ᠴᠢᠭᠯᠡᠭᠦᠯᠦᠨ᠂ ᠨᠡᠶᠢᠲᠡᠯᠢᠭ | ᠬᠡᠷᠡᠭ ᠤᠨ ᠵᠢᠱᠢᠶ᠎ᠡ ᠶᠢ ᠡᠰᠢᠯᠡᠨ ᠬᠡᠷᠡᠭᠯᠡᠵᠦ᠂ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠵᠦᠢᠯ ᠵᠤᠷᠪᠤᠰ ᠲᠠᠢ | ᠤᠶᠠᠯᠳᠤᠭᠤᠯᠤᠨ ᠬᠡᠷᠡᠭ ᠤᠨ ᠲᠠᠶᠢᠯᠪᠤᠷᠢᠯᠠᠯᠲᠠ ᠲᠠᠢ ᠤᠶᠠᠯᠳᠤᠭᠤᠯᠤᠨ᠂ ᠳᠥᠭᠦᠮ ᠣᠶᠢᠯᠠᠭᠠᠮᠵᠢᠲᠠᠢ ᠦᠭᠡ ᠬᠡᠯᠡ ᠪᠠᠷ | ᠰᠤᠷᠤᠭᠴᠢᠳ ᠲᠤ ᠬᠠᠤᠯᠢ ᠴᠠᠭᠠᠵᠠ ᠶᠢᠨ ᠰᠠᠭᠤᠷᠢ ᠮᠡᠳᠡᠯᠭᠡ᠂ ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ | ᠵᠢᠴᠢ ᠨᠠᠰᠤᠨ ᠳᠤ ᠦᠯᠦ ᠬᠦᠷᠦᠭᠰᠡᠳ ᠤᠨ ᠬᠠᠤᠯᠢ ᠶᠢ ᠵᠥᠷᠢᠴᠡᠵᠦ ᠶᠠᠯ᠎ᠠ ᠬᠢᠭᠰᠡᠨ ᠬᠠᠷᠢᠭᠤᠴᠠᠯᠭ᠎ᠠ ᠵᠡᠷᠭᠡ ᠶᠢ | ᠲᠠᠨᠢᠯᠴᠠᠭᠤᠯᠪᠠ᠃ ᠡᠭᠦᠨ ᠤ ᠬᠠᠮᠲᠤ᠂ ᠰᠤᠷᠤᠭᠴᠢᠳ ᠲᠤ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠵᠢᠴᠢ | ᠰᠡᠷᠭᠡᠶᠢᠯᠡᠯᠲᠡ ᠶᠢᠨ ᠲᠠᠯ᠎ᠠ ᠶᠢᠨ ᠬᠠᠤᠯᠢ ᠴᠠᠭᠠᠵᠠ ᠶᠢᠨ ᠮᠡᠳᠡᠯᠭᠡ ᠶᠢ ᠲᠠᠶᠢᠯᠪᠤᠷᠢᠯᠠᠨ ᠥᠭᠴᠦ᠂ ᠰᠤᠷᠤᠭᠴᠢᠳ ᠢ | ᠬᠥᠲᠥᠯᠥᠨ ᠵᠢᠯᠣᠭᠤᠳᠴᠤ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠢ ᠵᠥᠪ ᠢᠶᠠᠷ ᠰᠢᠢᠳᠪᠦᠷᠢᠯᠡᠭᠦᠯᠵᠦ᠂ ᠲᠤᠰ | ᠪᠡᠶ᠎ᠡ ᠶᠢᠨ ᠦᠢᠯᠡ ᠠᠵᠢᠯᠯᠠᠭ᠎ᠠ ᠪᠠᠨ ᠵᠢᠷᠤᠮᠵᠢᠭᠤᠯᠤᠨ᠂ ᠪᠠᠯᠠᠮᠠᠳᠴᠤᠳ ᠪᠣᠯᠬᠤ ᠦᠭᠡᠢ ᠪᠥᠭᠡᠳ ᠨᠡᠩ ᠴᠤ | ᠰᠤᠷᠭᠠᠭᠤᠯᠢ ᠶᠢᠨ ᠬᠦᠷᠢᠶᠡᠨ ᠳᠤ ᠵᠣᠷᠢᠭᠲᠠᠢ ᠪᠠᠷ ᠳᠣᠷᠣᠮᠵᠢᠯᠠᠵᠤ᠂ ︽ᠦᠭᠡᠢ︾ ᠭᠡᠵᠦ ᠬᠡᠯᠡᠭᠦᠯᠵᠦ᠂ ᠰᠠᠬᠢᠯᠭ᠎ᠠ | ᠪᠠᠲᠤ ᠶᠢ ᠵᠢᠷᠤᠮᠯᠠᠨ ᠬᠠᠤᠯᠢ ᠴᠠᠭᠠᠵᠠ ᠶᠢ ᠰᠠᠬᠢᠬᠤ ᠮᠥᠷᠲᠡᠭᠡᠨ ᠪᠠᠰᠠ ᠬᠠᠤᠯᠢ ᠴᠠᠭᠠᠵᠠ ᠶᠢᠨ ᠵᠡᠪᠰᠡᠭ ᠢᠶᠠᠷ | ᠥᠪᠡᠷ ᠤᠨ ᠬᠠᠤᠯᠢ ᠶᠣᠰᠣᠨ ᠤ ᠡᠷᠬᠡ ᠠᠰᠢᠭ ᠢᠶᠠᠨ ᠬᠠᠮᠠᠭᠠᠯᠠᠬᠤ ᠶᠢ ᠰᠤᠷᠴᠤ᠂ ᠠᠮᠤᠷ ᠲᠦᠪᠰᠢᠨ ᠤ | ᠰᠡᠷᠭᠡᠶᠢᠯᠡᠯᠲᠡ ᠶᠢᠨ ᠤᠬᠠᠮᠰᠠᠷ ᠢᠶᠠᠨ ᠴᠢᠩᠭᠠᠳᠬᠠᠨ᠂ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠨᠢ | ᠳᠡᠭᠡᠭᠰᠢᠯᠡᠭᠦᠯᠵᠦ᠂ ᠢᠳᠡᠪᠬᠢᠲᠡᠢ ᠪᠠᠷ ᠦᠭᠡᠢ ᠪᠠᠷ ᠥᠭᠡᠳᠡᠯᠡᠨ ᠳᠠᠪᠰᠢᠬᠤ ᠰᠠᠶᠢᠨ ᠪᠠᠭᠠᠴᠤᠳ ᠪᠣᠯᠭᠠᠬᠤ ᠬᠡᠷᠡᠭᠲᠡᠢ᠃ | ᠳᠠᠷᠠᠭᠠᠴᠢ ᠶᠢᠨ ᠠᠯᠬᠤᠮ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠰᠢᠭᠦᠬᠦ | ᠬᠤᠷᠢ᠊ ᠡᠶ᠎ᠡ ᠪᠠᠶᠢᠩᠭᠤᠵᠢᠭᠰᠠᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢ | ᠦᠷᠭᠦᠯᠵᠢᠯᠡᠨ ᠥᠷᠨᠢᠭᠦᠯᠵᠦ᠂ ᠬᠠᠤᠯᠢ ᠪᠠᠷ ᠵᠠᠰᠠᠬᠤ ᠤᠬᠠᠭᠤᠯᠭ᠎ᠠ ᠶᠢᠨ ᠠᠭᠤᠯᠭ᠎ᠠ ᠪᠠ ᠬᠡᠯᠪᠡᠷᠢ ᠶᠢ ᠲᠠᠰᠤᠷᠠᠯᠲᠠ | ᠥᠬᠡᠶ ᠰᠦᠪᠡᠭᠴᠢᠯᠡᠨ ᠰᠢᠨ᠎ᠡ ᠶᠢ ᠡᠭᠦᠳᠴᠦ᠂ ᠬᠠᠤᠯᠢ ᠪᠠᠷ ᠵᠠᠰᠠᠬᠤ ᠬᠦᠴᠦᠨ ᠢᠶᠠᠷ ᠠᠮᠤᠷ ᠠᠮᠤᠭᠤᠯᠠᠩ | ᠰᠤᠷᠭᠠᠭᠤᠯᠢ ᠶᠢᠨ ᠬᠦᠷᠢᠶᠡᠨ ᠤ ᠪᠠᠶᠢᠭᠤᠯᠤᠯᠲᠠ ᠳᠤ ᠬᠦᠴᠦᠨ ᠨᠡᠮᠡᠷᠢᠯᠡᠵᠦ᠂ ᠵᠠᠯᠠᠭᠤᠴᠤᠳ ᠪᠠᠭᠠᠴᠤᠳ ᠤᠨ | ᠡᠷᠡᠭᠦᠯ ᠢᠶᠠᠷ ᠥᠰᠦᠨ ᠪᠤᠶᠢᠵᠢᠬᠤ ᠳᠤ ᠰᠡᠳᠬᠢᠯ ᠲᠠᠯᠪᠢᠨ ︽ᠬᠠᠤᠯᠢ ᠪᠠᠷ ᠵᠠᠰᠠᠬᠤ ᠬᠥᠬᠡ ᠣᠭᠲᠠᠷᠭᠤᠢ︾ ᠶᠢ | ᠲᠤᠯᠭᠠᠭᠤᠷᠢᠯᠠᠨ᠎ᠠ᠃ | |