ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠬᠢᠨᠠᠨ ᠪᠠᠶᠢᠴᠠᠭᠠᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2024/4/19
  2024 ᠣᠨ ᠤ ᠲᠤᠭ᠎ᠠ ᠪᠠᠷᠢᠮᠲᠠ ᠶᠢᠨ ᠶᠠᠰᠤ ᠴᠢᠨᠠᠷ ᠢ ᠬᠢᠨᠠᠨ ᠪᠠᠶᠢᠴᠠᠭᠠᠬᠤ ᠠᠵᠢᠯ ᠢ ᠥᠷᠨᠢᠭᠦᠯᠬᠦ ᠲᠤᠬᠠᠢ ᠥᠪᠡᠷᠲᠡᠭᠡᠨ ᠵᠠᠰᠠᠬᠤ ᠣᠷᠣᠨ᠂ ᠬᠢᠩᠭᠠᠨ ᠠᠶᠢᠮᠠᠭ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠮᠡᠳᠡᠭᠳᠡᠯ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠪᠡᠯᠡ ᠣᠷᠣᠭᠤᠯᠤᠯᠲᠠ ᠶᠢᠨ ᠬᠦᠷᠢᠶᠡᠨ ᠳᠠᠬᠢ ᠲᠤᠭ᠎ᠠ ᠪᠠᠷᠢᠮᠲᠠ ᠶᠢᠨ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠶᠢᠨ ᠲᠥᠯᠥᠭᠡ᠂ ᠣᠶᠢᠷ᠎ᠠ ᠳᠤ᠂ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠪᠡᠯᠡ ᠣᠷᠣᠭᠤᠯᠤᠯᠲᠠ ᠶᠢᠨ ᠲᠤᠰᠬᠠᠢ ᠮᠡᠷᠭᠡᠵᠢᠯ 2024 ᠣᠨ ᠤ ᠨᠢᠭᠡᠳᠦᠭᠡᠷ ᠤᠯᠠᠷᠢᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠬᠢᠨᠠᠨ ᠪᠠᠶᠢᠴᠠᠭᠠᠬᠤ ᠠᠵᠢᠯ ᠢ ᠥᠷᠨᠢᠭᠦᠯᠵᠦ᠂ ᠬᠢᠨᠠᠨ ᠪᠠᠶᠢᠴᠠᠭᠠᠬᠤ ᠪᠠᠷ ᠳᠠᠮᠵᠢᠨ᠂ ᠲᠤᠭ᠎ᠠ ᠪᠦᠷᠢᠳᠬᠡᠯ ᠤᠨ ᠪᠠᠶᠢᠭᠤᠯᠤᠮᠵᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠠᠬᠢᠵᠢᠭᠦᠯᠵᠦ᠂ ᠲᠤᠭ᠎ᠠ ᠪᠦᠷᠢᠳᠬᠡᠯ ᠤᠨ ᠦᠢᠯᠡᠴᠢᠯᠡᠭᠡ ᠶᠢ ᠭᠡᠷ ᠲᠤᠨᠢ ᠬᠦᠷᠭᠡᠬᠦ ᠶᠢ ᠠᠬᠢᠭᠤᠯᠤᠨ᠂ ᠠᠵᠤ ᠠᠬᠤᠶᠢᠯᠠᠯ ᠤᠨ ᠳᠡᠭᠡᠭᠰᠢ ᠮᠡᠳᠡᠭᠦᠯᠦᠭᠰᠡᠨ ᠲᠤᠭ᠎ᠠ ᠪᠠᠷᠢᠮᠲᠠ ᠶᠢᠨ ᠲᠤᠭ᠎ᠠ ᠪᠠᠷᠢᠮᠲᠠ ᠶᠢᠨ ᠦᠨᠡᠨ ᠪᠣᠳᠠᠲᠠᠢ ᠪᠥᠭᠡᠳ ᠪᠦᠲᠦᠮᠵᠢᠲᠡᠢ ᠪᠠᠶᠢᠬᠤ ᠶᠢ ᠪᠠᠲᠤᠯᠠᠪᠠ᠃    ᠲᠤᠰ ᠤᠳᠠᠭᠠᠨ ᠤ ᠬᠢᠨᠠᠨ ᠪᠠᠶᠢᠴᠠᠭᠠᠬᠤ ᠠᠵᠢᠯ ᠨᠢ ᠲᠤᠭ᠎ᠠ ᠪᠠᠷᠢᠮᠲᠠ ᠠᠴᠠ ᠪᠠᠷᠢᠮᠲᠠ ᠲᠠᠢ᠂ ᠮᠡᠳᠡᠭᠦᠯᠬᠦ ᠶᠣᠰᠣᠲᠠᠢ ᠶᠢ ᠨᠢ ᠪᠦᠬᠦᠨ ᠢ ᠮᠡᠳᠡᠭᠦᠯᠬᠦ ᠵᠠᠷᠴᠢᠮ ᠢ ᠪᠠᠷᠢᠮᠲᠠᠯᠠᠵᠤ᠂ ᠨᠢᠭᠡᠳᠦᠭᠡᠷ ᠤᠯᠠᠷᠢᠯ ᠳᠤ ᠪᠤᠢ ᠪᠣᠯᠤᠭᠰᠠᠨ ᠪᠡᠯᠡ ᠣᠷᠣᠭᠤᠯᠤᠯᠲᠠ ᠶᠢᠨ 20 ᠲᠥᠷᠥᠯ ᠵᠦᠢᠯ ᠢ ᠲᠤᠬᠠᠢ ᠶᠢᠨ ᠭᠠᠵᠠᠷ ᠲᠤᠨᠢ ᠬᠢᠨᠠᠨ ᠪᠠᠶᠢᠴᠠᠭᠠᠵᠤ᠂ ᠲᠤᠭ᠎ᠠ ᠪᠠᠷᠢᠮᠲᠠ ᠶᠢ ᠬᠢᠨᠠᠨ ᠪᠠᠶᠢᠴᠠᠭᠠᠵᠤ ᠪᠦᠬᠦᠨ ᠢ ᠬᠠᠮᠤᠷᠬᠤ ᠶᠢ ᠪᠡᠶᠡᠯᠡᠭᠦᠯᠪᠡ᠃ ᠬᠢᠨᠠᠨ ᠪᠠᠶᠢᠴᠠᠭᠠᠬᠤ ᠳᠤᠭᠤᠶᠢᠯᠠᠩ ᠨᠢ 2024 ᠣᠨ ᠤ ᠨᠢᠭᠡᠳᠦᠭᠡᠷ ᠤᠯᠠᠷᠢᠯ ᠤᠨ ᠪᠡᠯᠡ ᠣᠷᠣᠭᠤᠯᠤᠯᠲᠠ ᠶᠢᠨ ᠲᠤᠭ᠎ᠠ ᠪᠠᠷᠢᠮᠲᠠ ᠬᠢᠭᠡᠳ ᠳᠡᠭᠡᠭᠰᠢ ᠮᠡᠳᠡᠭᠦᠯᠦᠭᠰᠡᠨ ᠲᠤᠭ᠎ᠠ ᠪᠠᠷᠢᠮᠲᠠ ᠲᠠᠢ ᠨᠡᠶᠢᠴᠡᠬᠦ ᠡᠰᠡᠬᠦ᠂ ᠠᠩᠬᠠᠨ ᠤ ᠭᠡᠷᠡᠴᠢ ᠪᠠᠷᠢᠮᠲᠠ ᠶᠢᠨ ᠮᠠᠲ᠋ᠧᠷᠢᠶᠠᠯ ᠨᠢ ᠦᠨᠡᠨ ᠪᠣᠳᠠᠲᠠᠢ ᠪᠥᠭᠡᠳ ᠣᠨᠣᠪᠴᠢᠲᠠᠢ ᠪᠠᠶᠢᠬᠤ ᠡᠰᠡᠬᠦ᠂ ᠲᠤᠭ᠎ᠠ ᠪᠦᠷᠢᠳᠬᠡᠯ ᠤᠨ ᠡᠬᠡ ᠳᠠᠩᠰᠠ ᠶᠢ ᠲᠠᠭᠯᠠᠭᠰᠠᠨ ᠡᠰᠡᠬᠦ ᠨᠢ ᠪᠦᠷᠢᠨ ᠪᠦᠲᠦᠨ ᠵᠢᠷᠤᠮᠵᠢᠯ ᠲᠠᠢ ᠪᠠᠶᠢᠬᠤ ᠡᠰᠡᠬᠦ ᠵᠡᠷᠭᠡ ᠲᠠᠯ᠎ᠠ ᠪᠠᠷ ᠭᠤᠣᠯᠳᠠᠯᠭ᠎ᠠ ᠲᠠᠢ ᠬᠢᠨᠠᠨ ᠪᠠᠶᠢᠴᠠᠭᠠᠯᠲᠠ ᠬᠢᠨ᠎ᠡ᠃ ᠲᠥᠷᠥᠯ ᠵᠦᠢᠯ ᠤᠨ ᠡᠳ᠋ ᠤᠨ ᠶᠠᠪᠤᠳᠠᠯ ᠤᠨ ᠭᠡᠷᠡᠴᠢ ᠪᠠᠷᠢᠮᠲᠠ᠂ ᠪᠠᠷᠢᠯᠭ᠎ᠠ ᠶᠢᠨ ᠠᠵᠢᠯ ᠤᠨ ᠠᠬᠢᠴᠠ ᠶᠢᠨ ᠬᠡᠮᠵᠢᠯᠲᠡ ᠶᠢᠨ ᠬᠠᠭᠤᠳᠠᠰᠤ᠂ ᠭᠡᠷ ᠪᠠᠶᠢᠰᠢᠩ ᠤᠨ ᠪᠣᠷᠣᠯᠠᠭᠤᠯᠭ᠎ᠠ ᠶᠢᠨ ᠡᠬᠡ ᠳᠠᠩᠰᠠ ᠵᠡᠷᠭᠡ ᠠᠩᠬᠠᠨ ᠤ ᠮᠠᠲ᠋ᠧᠷᠢᠶᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠡᠬᠡ ᠳᠠᠩᠰᠠ ᠶᠢ ᠲᠠᠭᠯᠠᠨ ᠪᠢᠴᠢᠬᠦ ᠨᠢ ᠵᠢᠷᠤᠮᠵᠢᠯ ᠦᠭᠡᠢ᠂ ᠭᠦᠶ᠋ᠴᠡᠳᠬᠡᠯ ᠲᠤᠭ᠎ᠠ ᠶᠢ ᠪᠣᠳᠣᠬᠤ ᠠᠷᠭ᠎ᠠ ᠶᠢ ᠲᠣᠳᠣᠷᠬᠠᠢ ᠡᠵᠡᠮᠰᠢᠭᠰᠡᠨ ᠦᠭᠡᠢ ᠵᠡᠷᠭᠡ ᠠᠰᠠᠭᠤᠳᠠᠯ ᠤᠨ ᠠᠵᠤ ᠠᠬᠤᠶᠢᠯᠠᠯ ᠤᠨ ᠲᠤᠬᠠᠢ ᠶᠢᠨ ᠲᠠᠯᠠᠪᠤᠷ ᠤᠨ ᠵᠢᠯᠣᠭᠤᠳᠣᠯᠭ᠎ᠠ ᠶᠢ ᠴᠠᠭ ᠲᠤᠬᠠᠢ ᠳᠤᠨᠢ ᠪᠦᠷᠢᠨ ᠪᠦᠲᠦᠨ ᠨᠥᠬᠦᠪᠥᠷᠢᠯᠡᠵᠦ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠣᠨᠣᠪᠴᠢᠲᠠᠢ ᠪᠥᠭᠡᠳ ᠠᠯᠳᠠᠭ᠎ᠠ ᠪᠤᠷᠤᠭᠤ ᠦᠭᠡᠢ ᠪᠠᠶᠢᠬᠤ ᠶᠢ ᠪᠡᠶᠡᠯᠡᠭᠦᠯᠬᠦ ᠬᠡᠷᠡᠭᠲᠡᠢ ᠭᠡᠵᠦ ᠱᠠᠭᠠᠷᠳᠠᠪᠠ᠃    ᠳᠠᠷᠠᠭᠠᠴᠢ ᠶᠢᠨ ᠠᠯᠬᠤᠮ ᠳᠤ᠂ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ ᠪᠡᠯᠡ ᠣᠷᠣᠭᠤᠯᠤᠯᠲᠠ ᠶᠢᠨ ᠬᠦᠷᠢᠶᠡᠨ ᠳᠠᠬᠢ ᠲᠤᠭ᠎ᠠ ᠪᠠᠷᠢᠮᠲᠠ ᠶᠢ ᠬᠢᠨᠠᠨ ᠪᠠᠶᠢᠴᠠᠭᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠡᠬᠢ ᠡᠭᠦᠰᠦᠯ ᠠᠴᠠ ᠨᠢ ᠳᠡᠭᠡᠭᠰᠢᠯᠡᠭᠦᠯᠬᠦ ᠪᠠᠷ ᠴᠢᠷᠮᠠᠶᠢᠨ᠎ᠠ᠃ ᠡᠭᠦᠨ ᠤ ᠬᠠᠮᠲᠤ᠂ ᠠᠵᠤ ᠠᠬᠤᠶᠢᠯᠠᠯ ᠤᠨ ᠲᠤᠭ᠎ᠠ ᠪᠦᠷᠢᠳᠬᠡᠯ ᠤᠨ ᠠᠵᠢᠯᠲᠠᠨ ᠤ ᠵᠢᠯᠣᠭᠤᠳᠬᠤ ᠠᠵᠢᠯ ᠢ ᠴᠢᠩᠭᠠᠳᠬᠠᠵᠤ᠂ ᠲᠤᠭ᠎ᠠ ᠪᠦᠷᠢᠳᠬᠡᠯ ᠤᠨ ᠲᠤᠬᠠᠶᠢᠯᠠᠭᠰᠠᠨ ᠠᠵᠢᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ ᠃ ᠲᠥᠷᠥᠯ ᠵᠦᠢᠯ ᠤᠨ ᠲᠤᠭ᠎ᠠ ᠪᠠᠷᠢᠮᠲᠠ ᠨᠢᠭᠡᠪᠦᠷᠢ ᠶᠢᠨ ᠦᠨᠡᠨ ᠪᠣᠳᠠᠲᠠᠢ᠂ ᠣᠨᠣᠪᠴᠢᠲᠠᠢ ᠪᠠᠶᠢᠬᠤ ᠶᠢ ᠦᠨᠡᠨᠬᠦ ᠪᠠᠲᠤᠯᠠᠵᠤ᠂ ᠬᠤᠳᠠᠯ ᠢᠶᠠᠷ ᠮᠡᠳᠡᠭᠦᠯᠬᠦ ᠦᠭᠡᠢ ᠨᠢᠭᠤᠬᠤ᠂ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠬᠤ ᠶᠢ ᠡᠷᠡᠰ ᠬᠤᠷᠢᠭᠯᠠᠬᠤ ᠬᠡᠷᠡᠭᠲᠡᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号