ᠰᠤᠷᠪᠤᠯᠵᠢᠯᠠᠭᠴᠢ 16 ᠤ ᠡᠳᠦᠷ ᠤᠯᠤᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶ᠎ᠠ ᠠᠴᠠ | ᠣᠶᠢᠯᠠᠭᠠᠭᠰᠠᠨ ᠢᠶᠠᠷ᠂ 2023 ᠣᠨ ᠳᠤ᠂ ᠮᠠᠨ ᠤ ᠤᠯᠤᠰ ᠤᠨ ᠡᠭᠦᠳᠦᠨ ᠪᠦᠲᠦᠭᠡᠯᠲᠡ ᠶᠢᠨ ᠲᠤᠰᠬᠠᠶ ᠠᠰᠢᠭ ᠤᠨ | ᠠᠵᠤ ᠦᠢᠯᠡᠰᠵᠢᠯᠲᠡ ᠶᠢᠨ ᠨᠣᠷᠮ᠎ᠠ 39.6% ᠳᠤ ᠬᠦᠷᠴᠦ᠂ 2022 ᠤᠨ ᠤ ᠬᠢ ᠠᠴᠠ ᠵᠠᠭᠤᠨ ᠤ | ᠬᠠᠷᠢᠴᠠᠯ ᠢᠶᠠᠷ 2.9 ᠬᠤᠪᠢ ᠳ᠋ᠡᠭᠡᠭᠰᠢᠯᠡᠵᠦ᠂ ᠲᠠᠪᠤᠨ ᠵᠢᠯ ᠳᠠᠷᠠᠭᠠᠯᠠᠨ ᠲᠣᠭᠲᠠᠭᠤᠨ ᠢᠶᠠᠷ ᠳᠡᠭᠡᠭᠰᠢᠯᠡᠪᠡ᠃ | ᠤᠯᠤᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶ᠎ᠠ ᠶᠢᠨ ᠣᠶᠢᠷ᠎ᠠ ᠳᠤ ᠨᠡᠶᠢᠲᠡᠯᠡᠭᠰᠡᠨ ︽2023 | ᠣᠨ ᠤ ᠳᠤᠮᠳᠠᠳᠤ ᠤᠯᠤᠰ ᠤᠨ ᠲᠤᠰᠬᠠᠶ ᠠᠰᠢᠭ ᠤᠨ ᠪᠠᠶᠢᠴᠠᠭᠠᠯᠲᠠ ᠶᠢᠨ ᠮᠡᠳᠡᠭᠦᠯᠦᠯᠲᠡ︾ ᠢᠢ ᠦᠨᠳᠦᠰᠦᠯᠡᠪᠡᠯ᠂ | 2023 ᠣᠨ ᠳᠤ᠂ ᠰᠢᠨ᠎ᠡ ᠶᠢ ᠡᠭᠦᠳᠬᠦ ᠭᠤᠤᠯ ᠴᠣᠭᠴᠠ ᠪᠣᠯᠤᠭᠰᠠᠨ ᠤ ᠬᠤᠪᠢ ᠳᠤ᠂ ᠮᠠᠨ ᠤ ᠤᠯᠤᠰ ᠤᠨ ᠠᠵᠤ | ᠠᠬᠤᠶᠢᠯᠠᠯ ᠤᠨ ᠡᠭᠦᠳᠦᠨ ᠪᠦᠲᠦᠭᠡᠯᠲᠡ ᠶᠢᠨ ᠲᠤᠰᠬᠠᠶ ᠠᠰᠢᠭ ᠤᠨ ᠠᠵᠤ ᠦᠢᠯᠡᠰᠵᠢᠯᠲᠡ ᠶᠢᠨ ᠨᠣᠷᠮ᠎ᠠ 51.3% | ᠪᠠᠶᠢᠵᠤ᠂ 2022 ᠤᠨ ᠤ ᠬᠢ ᠠᠴᠠ ᠵᠠᠭᠤᠨ ᠤ ᠬᠠᠷᠢᠴᠠᠯ ᠢᠶᠠᠷ 3.2 ᠬᠤᠪᠢ ᠳᠡᠭᠡᠭᠰᠢᠯᠡᠪᠡ︔ ᠮᠠᠨ ᠤ | ᠤᠯᠤᠰ ᠤᠨ ᠠᠵᠤ ᠠᠬᠤᠶᠢᠯᠠᠯ ᠤᠨ ᠠᠵᠤ ᠦᠢᠯᠡᠰ ᠵᠢᠭᠠᠨ ᠰᠤᠷᠭᠠᠯᠳᠠ ᠰᠢᠨᠵᠢᠯᠡᠬᠦ ᠤᠬᠠᠭᠠᠨ ᠤ ᠰᠤᠳᠤᠯᠭᠠᠨ ᠤ | ᠲᠤᠰᠬᠠᠶ ᠠᠰᠢᠭ ᠤᠨ ᠠᠵᠤ ᠦᠢᠯᠡᠰᠵᠢᠯᠲᠡ ᠶᠢᠨ ᠲᠡᠭᠰᠢᠳᠭᠡᠭᠰᠡᠨ ᠠᠰᠢᠭ ᠣᠷᠣᠯᠭ᠎ᠠ ᠨᠢ 1033.2 ᠲᠦᠮᠡᠨ | ᠲᠥᠭᠦᠷᠢᠭ / ᠲᠤᠰᠬᠠᠢ ᠠᠰᠢᠭ ᠲᠤ ᠬᠦᠷᠴᠦ᠂ ᠠᠵᠤ ᠠᠬᠤᠶᠢᠯᠠᠯ ᠤᠨ ᠡᠭᠦᠳᠦᠨ ᠪᠦᠲᠦᠭᠡᠯᠲᠡ ᠶᠢᠨ ᠲᠤᠰᠬᠠᠶ | ᠠᠰᠢᠭ ᠤᠨ ᠠᠵᠤ ᠦᠢᠯᠡᠰᠵᠢᠯᠲᠡ ᠶᠢᠨ ᠲᠡᠭᠰᠢᠳᠭᠡᠭᠰᠡᠨ ᠠᠰᠢᠭ ᠣᠷᠣᠯᠭ᠎ᠠ ︵829.6 ᠲᠦᠮᠡᠨ ᠲᠥᠭᠦᠷᠢᠭ︶ | ᠠᠴᠠ 24.5% ᠥᠨᠳᠥᠷ ᠪᠠᠶᠢᠨ᠎ᠠ᠃ | ᠤᠯᠤᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶ᠎ᠠ ᠶᠢᠨ ᠬᠤᠯᠪᠣᠭᠳᠠᠯ ᠪᠥᠬᠦᠶ | ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ 2008 ᠣᠨ ᠳᠤ ︽ᠤᠯᠤᠰ ᠤᠨ ᠮᠡᠳᠡᠯᠭᠡ ᠶᠢᠨ ᠥᠮᠴᠢᠯᠡᠯ ᠤᠨ | ᠡᠷᠬᠡ ᠶᠢᠨ ᠪᠠᠶᠢᠯᠳᠤᠬᠤ ᠪᠣᠳᠣᠯᠭ᠎ᠠ ᠶᠢᠨ ᠲᠣᠪᠴᠢ︾ ᠶᠢ ᠨᠡᠶᠢᠲᠡᠯᠡᠨ ᠬᠡᠷᠡᠭᠵᠢᠭᠦᠯᠵᠦ᠂ ᠳᠤᠮᠳᠠᠳᠤ ᠤᠯᠤᠰ ᠤᠨ | ᠲᠤᠰᠬᠠᠶ ᠠᠰᠢᠭ ᠤᠨ ᠪᠠᠶᠢᠴᠠᠭᠠᠯᠲᠠ ᠲᠠᠭᠠᠯᠳᠤᠨ ᠪᠣᠶ ᠪᠣᠯᠪᠠ᠃ 2023 ᠣᠨ ᠳᠤ᠂ ᠲᠤᠰᠬᠠᠶ ᠠᠰᠢᠭ ᠤᠨ | ᠪᠠᠶᠢᠴᠠᠭᠠᠯᠲᠠ ᠶᠢᠨ ᠠᠵᠢᠯ ᠨᠢ ᠪᠠᠶᠢᠴᠠᠭᠠᠬᠤ ᠠᠭᠤᠯᠭ᠎ᠠ ᠪᠠ ᠵᠣᠬᠢᠶᠠᠨ ᠪᠠᠶᠢᠭᠤᠯᠬᠤ ᠬᠡᠯᠪᠡᠷᠢ ᠪᠠᠨ ᠴᠢᠨᠠᠭᠰᠢᠳᠠ | ᠰᠢᠯᠢᠳᠡᠭᠵᠢᠭᠦᠯᠵᠦ᠂ ᠠᠵᠤ ᠦᠢᠯᠡᠰ ᠵᠢᠭᠠᠨ ᠰᠤᠷᠭᠠᠯᠳᠠ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ | ᠬᠠᠮᠲᠤᠷᠠᠯᠴᠠᠵᠦ ᠰᠢᠨ᠎ᠡ ᠶᠢ ᠡᠭᠦᠳᠬᠦ᠂ ᠭᠠᠳᠠᠭᠠᠳᠤ ᠳᠠᠬᠢ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠠᠭᠠᠯᠠᠯᠲᠠ᠂ | ᠮᠡᠳᠡᠯᠭᠡ ᠶᠢᠨ ᠥᠮᠴᠢᠯᠡᠯ ᠤᠨ ᠡᠷᠬᠡ ᠶᠢᠨ ᠴᠢᠳᠠᠪᠤᠷᠢᠲᠠᠨ ᠬᠢᠭᠡᠳ ᠦᠢᠯᠡᠴᠢᠯᠡᠭᠡ ᠵᠡᠷᠭᠡ ᠲᠤᠰᠬᠠᠶ ᠰᠡᠳᠦᠪᠲᠦ | ᠵᠠᠳᠠᠯᠤᠯᠲᠠ ᠶᠢ ᠴᠢᠩᠭᠠᠳᠬᠠᠪᠠ᠃ | ᠡᠨᠡ ᠵᠢᠯ ᠪᠣᠯ ᠳᠤᠮᠳᠠᠳᠤ ᠤᠯᠤᠰ ᠤᠨ ᠲᠤᠰᠬᠠᠶ ᠠᠰᠢᠭ ᠤᠨ ᠪᠠᠶᠢᠴᠠᠭᠠᠯᠲᠠ ᠶᠢᠨ ᠮᠡᠳᠡᠭᠦᠯᠦᠯᠲᠡ ᠶᠢ ᠨᠡᠶᠢᠭᠡᠮ | ᠨᠡᠶᠢᠳᠡ ᠳᠤ ᠢᠯᠡ ᠨᠡᠶᠢᠳᠡᠯᠡᠭᠰᠡᠨ ᠵᠢᠰᠦᠳᠡᠬᠢ ᠵᠢᠯ ᠪᠣᠯᠤᠨ᠎ᠠ᠃ ᠲᠣᠰ ᠮᠡᠳᠡᠭᠦᠯᠦᠯᠲᠡ ᠨᠢ ᠬᠤᠯᠪᠣᠭᠳᠠᠯ ᠪᠥᠬᠦᠶ | ᠲᠥᠷᠥ ᠶᠢᠨ ᠪᠣᠳᠣᠯᠭ᠎ᠠ ᠶᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠬᠦᠴᠦᠲᠡᠶ ᠲᠤᠭ᠎ᠠ ᠪᠠᠷᠢᠮᠲᠠ ᠶᠢᠨ | ᠲᠤᠯᠭᠠᠭᠤᠷᠢᠯᠠᠯ ᠬᠠᠩᠭᠠᠭᠰᠠᠨ ᠢᠶᠠᠷ ᠪᠠᠷᠠᠬᠤ ᠥᠬᠡᠶ᠂ ᠪᠠᠰᠠ ᠨᠡᠶᠢᠭᠡᠮ ᠨᠡᠶᠢᠲᠡ ᠶᠢᠨ ᠮᠠᠨ ᠤ ᠤᠯᠤᠰ ᠤᠨ | ᠮᠡᠳᠡᠯᠭᠡ ᠶᠢᠨ ᠥᠮᠴᠢᠯᠡᠯ ᠤᠨ ᠡᠷᠬᠡ ᠶᠢᠨ ᠦᠢᠯᠡᠰ ᠤᠨ ᠬᠥᠭᠵᠢᠯᠲᠡ ᠶᠢᠨ ᠪᠠᠶᠢᠳᠠᠯ ᠢ ᠣᠶᠢᠯᠠᠭᠠᠬᠤ ᠴᠢᠬᠤᠯᠠ | ᠴᠤᠩᠬᠤᠪᠴᠢ ᠪᠣᠯᠵᠣ᠂ ᠲᠤᠰᠬᠠᠶ ᠠᠰᠢᠭ ᠤᠨ ᠲᠦᠷᠢᠮ ᠢ ᠤᠬᠠᠭᠤᠯᠤᠨ ᠲᠦᠭᠡᠮᠡᠯᠵᠢᠭᠦᠯᠬᠦ᠂ ᠪᠥᠬᠦ ᠨᠡᠶᠢᠭᠡᠮ ᠤᠨ | ᠰᠢᠨ᠎ᠡ ᠶᠢ ᠡᠭᠦᠳᠬᠦ ᠤᠬᠠᠮᠰᠠᠷ ᠢ ᠴᠢᠩᠭᠠᠳᠬᠠᠬᠤ ᠳᠤ ᠢᠳᠡᠪᠬᠢᠲᠡᠶ ᠦᠢᠯᠡᠳᠦᠯ ᠦᠵᠡᠭᠦᠯᠪᠡ᠃ | ︵ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 16 ᠤ ᠴᠠᠬᠢᠯᠭᠠᠨ ᠮᠡᠳᠡᠭᠡ ᠠᠴᠠ︶ |