ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠤᠢᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ ᠨᠢᠭᠡᠳᠦᠭᠡᠷ ᠤᠯᠠᠷᠢᠯ ᠤᠨ ᠠᠵᠤ ᠠᠬᠤᠶ ᠶᠢᠨ ᠪᠠᠶᠢᠳᠠᠯ ᠢ ᠵᠠᠳᠠᠯᠪᠠ
ᠨᠡᠶᠢᠲᠡᠯᠡᠭᠰᠡᠨ ᠴᠠᠭ᠄
2024/4/19
   ᠲᠦᠷᠦᠭᠦᠬᠡᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃   ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ 3 ᠰᠠᠷ᠎ᠠ ᠶᠢᠨ 29 ᠤ ᠡᠳᠦᠷ ᠤᠨ ᠲᠥᠪ ᠤᠨ ᠤᠯᠤᠰ ᠲᠥᠷᠥ ᠶᠢᠨ ᠲᠣᠪᠴᠢᠶᠠᠨ ᠤ ᠬᠤᠷᠠᠯ ᠳᠡᠭᠡᠷᠡᠬᠢ ᠴᠢᠬᠤᠯᠠ ᠶᠠᠷᠢᠶ᠎ᠠ ᠵᠢᠴᠢ ︽ᠠᠷᠠᠳ ᠲᠦᠮᠡᠨ ᠢ ᠳᠡᠭᠡᠳᠦᠯᠡᠬᠦ ᠶᠢ ᠡᠷᠬᠡᠪᠰᠢ ᠪᠠᠷᠢᠮᠲᠠᠯᠠᠬᠤ ᠬᠡᠷᠡᠭᠲᠡᠶ︾ ᠭᠡᠬᠦ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠦᠨ ᠬᠥᠭᠵᠢᠭᠦᠯᠬᠦ ᠶᠢ ᠠᠬᠢᠭᠤᠯᠵᠤ᠂ ᠠᠵᠤ ᠠᠬᠤᠶᠢᠯᠠᠯ ᠤᠨ ᠨᠠᠮ ᠤᠨ ᠰᠤᠷᠲᠠᠯ ᠴᠢᠬᠡᠴᠢ ᠵᠠᠰᠠᠭ ᠪᠣᠯᠤᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭᠠᠳᠬᠠᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠪᠤᠵᠠᠭᠠᠶᠢᠷᠠᠨ ᠬᠦᠴᠦᠷᠬᠡᠭᠵᠢᠬᠦ ᠶᠢ ᠳᠡᠮᠵᠢᠵᠦ᠂ ᠠᠵᠤ ᠠᠬᠤᠶᠢᠯᠠᠯ ᠤᠨ ᠦᠷ᠎ᠡ ᠠᠰᠢᠭ ᠢᠶᠠᠷ ᠪᠠᠭᠠᠲᠤᠷ ᠢ ᠦᠨᠡᠯᠡᠬᠦ ᠬᠡᠷᠡᠭᠲᠡᠶ᠃ ᠠᠷᠠᠳ ᠲᠦᠮᠡᠨ ᠤ ᠵᠣᠭᠰᠣᠯᠲᠠ ᠳᠤ ᠪᠠᠲᠤ ᠵᠣᠭᠰᠣᠵᠤ᠂ ᠤᠯᠠᠨ ᠲᠦᠮᠡᠨ ᠤ ᠠᠩᠬᠠᠷᠴᠤ ᠪᠠᠶᠢᠭ᠎ᠠ ᠠᠵᠢᠯ ᠣᠯᠤᠯᠲᠠ᠂ ᠣᠷᠣᠯᠭ᠎ᠠ ᠶᠢᠨ ᠨᠡᠮᠡᠭᠳᠡᠯ᠂ ᠰᠤᠷᠭᠠᠨ ᠬᠥᠮᠦᠵᠢᠯ᠂ ᠡᠮ ᠡᠮᠨᠡᠯᠭᠡ ᠵᠡᠷᠭᠡ ᠪᠣᠳᠠᠲᠠᠢ ᠠᠰᠠᠭᠤᠳᠠᠯ ᠢ ᠬᠠᠶᠢᠷ᠎ᠠ ᠰᠡᠳᠭᠢᠯᠭᠡ ᠲᠠᠢ ᠪᠠᠷ ᠬᠦᠴᠦ ᠣᠷᠣᠭᠤᠯᠤᠨ ᠰᠠᠶᠢᠲᠤᠷ ᠰᠢᠢᠳᠪᠦᠷᠢᠯᠡᠵᠦ᠂ ᠠᠷᠠᠳ ᠤᠨ ᠠᠮᠢᠳᠤᠷᠠᠯ ᠤᠨ 33 ᠪᠣᠳᠠᠲᠤ ᠶᠠᠪᠤᠳᠠᠯ ᠢ ᠰᠠᠶᠢᠲᠤᠷ ᠬᠢᠵᠦ᠂ ᠤᠯᠠᠨ ᠲᠦᠮᠡᠨ ᠳᠤ ᠨᠡᠩ ᠤᠯᠠᠨ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠣᠯᠭᠤᠬᠤ ᠬᠡᠷᠡᠭᠲᠡᠢ ᠭᠡᠵᠦ ᠴᠢᠬᠤᠯᠠᠴᠢᠯᠠᠪᠠ᠃   ᠬᠤᠷᠠᠯ ᠠᠴᠠ ᠨᠢᠭᠡᠳᠦᠭᠡᠷ ᠤᠯᠠᠷᠢᠯ ᠤᠨ ᠠᠵᠤ ᠠᠬᠤᠢ ᠶᠢᠨ ᠪᠠᠶᠢᠳᠠᠯ ᠢ ᠵᠠᠳᠠᠯᠵᠤ᠂ ᠣᠳᠣᠬᠠᠨ ᠤ ᠠᠵᠤ ᠠᠬᠤᠢ ᠳᠤ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ᠂ ᠲᠣᠭᠲᠠᠭᠤᠨ ᠤ ᠳᠤᠮᠳᠠ ᠰᠠᠨᠠᠭᠠᠰᠢᠷᠠᠯ ᠲᠠᠢ ᠪᠠᠶᠢᠳᠠᠯ ᠢᠯᠡᠷᠡᠵᠦ᠂ ᠭᠤᠣᠯ ᠪᠤᠯᠬᠤ ᠭᠦᠢᠴᠡᠳᠭᠡᠯ ᠲᠤᠭ᠎ᠠ ᠶᠢᠨ ᠨᠡᠮᠡᠭᠳᠡᠯ ᠨᠢ ᠵᠢᠱᠢᠯᠲᠡ ᠲᠠᠢ ᠦᠨᠳᠦᠰᠦᠨ ᠳᠡᠭᠡᠨ ᠨᠡᠶᠢᠴᠡᠵᠦ ᠪᠠᠶᠢᠨ᠎ᠠ᠂ ᠭᠡᠪᠡᠴᠦ ᠪᠦᠲᠦᠴᠡ ᠶᠢ ᠲᠤᠬᠢᠷᠠᠭᠤᠯᠬᠤ᠂ ᠬᠥᠳᠡᠯᠭᠡᠬᠦ ᠡᠨᠧᠷᠭᠢ ᠶᠢ ᠬᠤᠪᠢᠷᠠᠭᠤᠯᠬᠤ᠂ ᠬᠡᠯᠬᠢᠶ᠎ᠡ ᠶᠢ ᠤᠷᠲᠤᠳᠬᠠᠬᠤ ᠶᠠᠪᠤᠳᠠᠯ ᠲᠤᠯᠭᠠᠮ ᠱᠠᠭᠠᠷᠳᠠᠭᠳᠠᠵᠤ ᠪᠠᠶᠢᠨ᠎ᠠ᠂ ᠡᠷᠬᠡᠪᠰᠢ ︽ᠤᠳᠠᠭᠠᠨ ᠤᠷᠤᠭᠰᠢᠯᠠᠬᠤ ᠨᠢ ᠤᠬᠤᠷᠢᠬᠤ ᠲᠠᠢ ᠠᠳᠠᠯᠢ︾ ᠭᠡᠬᠦ ᠤᠢᠢᠯᠠᠭᠠᠭᠳᠠᠬᠤᠨ ᠢ ᠪᠤᠢ ᠪᠣᠯᠭᠠᠵᠤ᠂ ᠴᠢᠩᠭ᠎ᠠ ᠠᠳᠬᠤᠨ ᠲᠦᠷᠭᠡᠨ ᠬᠢᠵᠦ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠠᠵᠤ ᠦᠢᠯᠡᠰ ᠤᠨ ᠬᠡᠯᠬᠢᠶ᠎ᠡ ᠣᠬᠤᠷ᠂ ᠬᠡᠷᠡᠭᠯᠡᠭᠡ ᠶᠢᠨ ᠬᠡᠷᠡᠭᠴᠡᠭᠡ ᠬᠦᠷᠦᠯᠴᠡᠬᠦ ᠦᠭᠡᠢ᠂ ᠭᠠᠳᠠᠭᠠᠳᠤ ᠠᠷᠠᠯᠵᠢᠶᠠᠨ ᠤ ᠬᠥᠭᠵᠢᠯᠲᠡ ᠶᠢᠨ ᠬᠤᠷᠳᠤᠴᠠ ᠤᠳᠠᠭᠠᠰᠢᠷᠠᠬᠤ᠂ ᠰᠢᠶᠠᠨ ᠤ ᠬᠡᠪᠴᠢᠶᠡᠨ ᠤ ᠠᠵᠤ ᠠᠬᠤᠢ ᠲᠡᠩᠴᠡᠭᠦᠷᠢ ᠦᠭᠡᠢ ᠪᠠᠶᠢᠬᠤ ᠵᠡᠷᠭᠡ ᠠᠰᠠᠭᠤᠳᠠᠯ ᠢ ᠬᠦᠴᠦᠯᠡᠨ ᠰᠠᠶᠢᠲᠤᠷ ᠰᠢᠢᠳᠪᠦᠷᠢᠯᠡᠵᠦ᠂ ᠪᠦᠬᠦ ᠵᠢᠯ ᠤᠨ ᠬᠠᠷᠠᠯᠲᠠ ᠡᠭᠦᠷᠭᠡ ᠪᠠᠨ ᠴᠢᠷᠮᠠᠶᠢᠨ ᠪᠡᠶᠡᠯᠡᠭᠦᠯᠵᠦ᠂ ᠪᠦᠬᠦ ᠬᠦᠴᠦᠨ ᠢᠶᠠᠷ ᠢᠶᠠᠨ ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ ᠣᠷᠣᠬᠤ ᠬᠡᠷᠡᠭᠲᠡᠢ ᠭᠡᠵᠦ ᠵᠢᠭᠠᠵᠤ ᠭᠠᠷᠭᠠᠪᠠ᠃   ᠬᠤᠷᠠᠯ ᠠᠴᠠ ᠲᠤᠭ᠎ᠠ ᠪᠦᠷᠢᠳᠭᠡᠯ ᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠲᠥᠰᠦᠯ ᠢ ᠰᠤᠳᠤᠯᠵᠤ᠂ ᠲᠤᠭ᠎ᠠ ᠪᠦᠷᠢᠳᠭᠡᠯ ᠬᠢᠬᠦ ᠳᠤ ᠦᠨᠡᠨ ᠠᠴᠠ ᠵᠥᠪ ᠢ ᠡᠷᠢᠵᠦ᠂ ᠴᠡᠭᠴᠡᠯᠡᠨ ᠰᠠᠶᠢᠵᠢᠷᠠᠭᠤᠯᠬᠤ ᠳᠤ ᠪᠠᠰᠠ ᠦᠨᠡᠨ ᠠᠴᠠ ᠵᠥᠪ ᠢ ᠡᠷᠢᠵᠦ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠴᠥᠮ ᠨᠢᠭᠡ ᠠᠴᠠ ᠵᠦᠢᠴᠢᠯᠡᠨ ᠨᠥᠭᠦᠭᠡ ᠶᠢ ᠮᠡᠳᠡᠵᠦ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠬᠢᠵᠦ᠂ ᠡᠷᠡᠰ ᠲᠦᠢᠯᠪᠤᠷᠢᠲᠠᠶ ᠴᠡᠭᠴᠡᠯᠡᠨ ᠰᠠᠶᠢᠵᠢᠷᠠᠭᠤᠯᠵᠤ᠂ ᠡᠴᠦᠰ ᠲᠤᠨᠢ ᠲᠤᠯᠲᠠᠯ᠎ᠠ ᠴᠡᠭᠴᠡᠯᠡᠨ ᠰᠠᠶᠢᠵᠢᠷᠠᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃   ᠬᠤᠷᠠᠯ ᠠᠴᠠ ᠲᠤᠯᠠᠭᠠᠯᠠᠭ᠎ᠠ ᠶᠢᠨ ᠢᠨᠵᠧᠨᠧᠷᠢᠩ ᠢ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠰᠢᠨᠡᠳᠭᠡᠬᠦ᠂ ᠰᠢᠨ᠎ᠡ ᠬᠠᠭᠤᠴᠢᠨ ᠬᠤᠭᠤᠯᠠᠶ ᠶᠢᠨ ᠲᠤᠤᠷ ᠤᠨ ᠪᠥᠲᠥᠭᠡᠨ ᠪᠠᠶᠢᠭᠤᠯᠤᠯᠲᠠ᠂ ᠰᠢᠲᠠᠮᠠᠬᠠᠶ ᠬᠡᠶ ᠶᠢᠨ ᠠᠮᠤᠷ ᠲᠦᠪᠰᠢᠨ ᠤ ︽ᠠᠰᠠᠭᠤᠳᠠᠯ ᠲᠠᠢ ᠠᠵᠢᠯᠯᠠᠭᠤᠯᠬᠤ︾ ᠢᠢ ᠲᠤᠰᠬᠠᠶ ᠴᠡᠭᠴᠡᠯᠡᠨ ᠵᠠᠰᠠᠬᠤ ᠵᠡᠷᠭᠡ ᠠᠵᠢᠯ ᠢ ᠨᠢᠭᠡᠳᠦᠯᠲᠡᠶ ᠲᠥᠯᠥᠪᠵᠢᠭᠦᠯᠵᠦ᠂ ᠪᠠᠷᠢᠯᠭ᠎ᠠ ᠶᠢᠨ ᠠᠬᠢᠴᠠ᠂ ᠶᠠᠰᠤ ᠴᠢᠨᠠᠷ᠂ ᠠᠮᠤᠷ ᠲᠦᠪᠰᠢᠨ ᠪᠠ ᠪᠠᠯᠠ ᠮᠥᠩᠭᠦ ᠶᠢᠨ ᠬᠡᠷᠡᠭᠯᠡᠯᠲᠡ ᠶᠢ ᠴᠢᠩᠭ᠎ᠠ ᠠᠩᠬᠠᠷᠴᠤ᠂ ᠤᠬᠠᠭᠤᠯᠵᠤ ᠬᠥᠲᠥᠯᠥᠨ ᠵᠢᠯᠣᠭᠤᠳᠬᠤ ᠶᠢ ᠴᠢᠩᠭᠠᠳᠬᠠᠵᠤ᠂ ᠣᠯᠠᠨ ᠲᠦᠮᠡᠨ ᠤ ᠠᠵᠢᠯ ᠢ ᠰᠠᠶᠢᠲᠤᠷ ᠬᠢᠵᠦ᠂ ᠰᠠᠶᠢᠨ ᠶᠠᠪᠤᠳᠠᠯ ᠢ ᠦᠨᠡᠨ ᠬᠦ ᠰᠠᠶᠢᠲᠤᠷ ᠬᠢᠬᠦ ᠬᠡᠷᠡᠭᠲᠡᠶ ᠭᠡᠵᠦ ᠴᠢᠬᠤᠯᠠᠴᠢᠯᠠᠪᠠ᠃   ᠬᠤᠷᠠᠯ ᠠᠴᠠ ᠪᠠᠰᠠ ᠶᠡᠭᠡ ᠬᠡᠪᠴᠢᠶᠡᠨ ᠤ ᠲᠤᠨᠤᠭ ᠲᠥᠬᠦᠭᠡᠷᠦᠮᠵᠢ ᠶᠢ ᠰᠢᠨᠡᠳᠭᠡᠬᠦ ᠪᠠ ᠬᠡᠷᠡᠭᠯᠡᠭᠡ ᠶᠢᠨ ᠡᠳ᠋ ᠢ ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯ ᠤᠨ ᠡᠭᠦᠷᠭᠡ ᠶᠢ ᠨᠠᠶᠢᠳᠠᠪᠤᠷᠢᠵᠢᠭᠤᠯᠬᠤ ᠲᠥᠰᠦᠯ ᠵᠢᠴᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠴᠢᠨᠠᠷ ᠰᠠᠶᠢᠲᠠᠶ ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠬᠢᠨᠠᠨ ᠵᠥᠪᠯᠡᠵᠦ ᠪᠠᠲᠤᠯᠠᠪᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号