4 ᠰᠠᠷ᠎ᠠ ᠶᠢᠨ 17 ᠠᠴᠠ 18 ᠤ ᠡᠳᠦᠷ ᠪᠤᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ | ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ ᠠᠩᠭᠢ ᠵᠢᠴᠢ ᠣᠨᠣᠯ ᠰᠤᠷᠤᠯᠴᠠᠬᠤ | ᠭᠤᠣᠯ ᠳᠤᠭᠤᠶᠢᠯᠠᠩ ᠤᠨ 2024 ᠣᠨ ᠤ ᠳᠥᠷᠪᠡᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠡᠷᠭᠢᠯᠡᠵᠦ᠂ | ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠬᠠᠢ | ᠴᠢᠬᠤᠯᠠ ᠶᠠᠷᠢᠶ᠎ᠠ ᠪᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ | ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ | ᠰᠢᠢᠳᠬᠡᠯ ᠥᠭᠬᠦ ᠳᠦᠷᠢᠮ︾ ᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠮᠤᠵᠢ ᠶᠢᠨ ᠲᠡᠰ ᠤᠨ ᠨᠠᠮ ᠤᠨ | ᠭᠡᠰᠢᠭᠦᠨ ᠤᠳᠤᠷᠢᠳᠬᠤ ᠺᠠᠳ᠋ᠷ ᠤᠨ ᠤᠷᠢᠳ ᠢᠶᠠᠷ ᠰᠤᠷᠤᠯᠴᠠᠵᠤ ᠤᠷᠢᠳ ᠢᠶᠠᠷ ᠬᠡᠷᠡᠭᠵᠢᠭᠦᠯᠬᠦ ᠪᠠᠷ ᠪᠦᠭᠦ ᠣᠷᠣᠨ ᠤ | ᠥᠷᠭᠡᠨ ᠣᠯᠠᠨ ᠨᠠᠮ ᠤᠨ ᠭᠡᠰᠢᠭᠦᠨ ᠺᠠᠳ᠋ᠷ ᠤᠨ ᠰᠠᠬᠢᠯᠭ᠎ᠠ ᠪᠠᠲᠤ ᠶᠢ ᠰᠤᠷᠤᠯᠴᠠᠬᠤ᠂ ᠰᠠᠬᠢᠯᠭ᠎ᠠ ᠪᠠᠲᠤ ᠶᠢ ᠮᠡᠳᠡᠬᠦ᠂ | ᠰᠠᠬᠢᠯᠭ᠎ᠠ ᠪᠠᠲᠤ ᠶᠢ ᠣᠶᠢᠯᠠᠭᠠᠬᠤ᠂ ᠰᠠᠬᠢᠯᠭ᠎ᠠ ᠪᠠᠲᠤ ᠶᠢ ᠰᠠᠬᠢᠬᠤ ᠶᠢ ᠵᠢᠱᠢᠶ᠎ᠡ ᠦᠵᠡᠭᠦᠯᠦᠨ ᠳᠠᠶᠢᠴᠢᠯᠠᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠡᠷᠭᠢᠯᠡᠵᠠᠢ᠃ | | | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ | ᠲᠡᠷᠢᠭᠦᠯᠡᠭᠴᠢ ᠸᠠᠩ ᠯᠢ ᠰᠢᠶᠠ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ | ᠲᠡᠷᠢᠭᠦᠯᠡᠭᠴᠢ ᠵᠠᠩ ᠶᠠᠨ ᠺᠦᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ | ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ | ᠲᠦᠷᠦ ᠶᠢᠨ ᠵᠥᠪᠯᠡᠯᠭᠡᠨ ᠤ ᠤᠳᠤᠷᠢᠳᠬᠤ ᠨᠥᠬᠦᠳ ᠪᠣᠯᠣᠨ ᠰᠢᠭᠦᠬᠦ ᠬᠤᠷᠢᠶ᠎ᠠ ᠪᠠᠶᠢᠴᠠᠭᠠᠬᠤ ᠬᠤᠷᠢᠶ᠎ᠠ ᠶᠢᠨ | ᠳᠠᠷᠤᠭ᠎ᠠ ᠣᠷᠣᠯᠴᠠᠪᠠ᠃ | ᠨᠣᠮ ᠤᠩᠰᠢᠬᠤ ᠠᠩᠭᠢ ᠶᠢ ᠲᠤᠰᠬᠠᠢ ᠮᠡᠷᠭᠡᠵᠢᠯᠲᠡᠨ ᠬᠠᠪᠰᠤᠷᠤᠨ ᠵᠢᠯᠤᠭᠤᠳᠬᠤ᠂ ᠲᠥᠪᠯᠡᠷᠡᠨ ᠥᠪᠡᠰᠦᠪᠡᠨ | ᠰᠤᠷᠤᠯᠴᠠᠬᠤ ᠪᠠ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠬᠤ ᠶᠢ ᠤᠶᠠᠯᠳᠤᠭᠤᠯᠬᠤ ᠠᠷᠭ᠎ᠠ ᠭᠡᠯᠪᠡᠷᠢ ᠪᠠᠷ | ᠶᠠᠪᠤᠭᠳᠠᠭᠤᠯᠵᠠᠢ᠃ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ | ᠵᠥᠪᠯᠡᠯ ᠤᠨ ᠬᠤᠯᠪᠣᠭᠳᠠᠯ ᠪᠦᠬᠦᠢ ᠬᠢᠨᠠᠨ ᠪᠠᠶᠢᠴᠠᠭᠠᠬᠤ ᠲᠠᠰᠤᠭ ᠤᠨ ᠬᠠᠷᠢᠭᠤᠴᠠᠯᠭᠠᠲᠠᠨ ᠨᠥᠬᠦᠷ ᠬᠤᠷᠠᠯ ᠳᠤ | ᠣᠷᠣᠯᠴᠠᠬᠰᠠᠨ ᠨᠥᠬᠦᠳ ᠢ ᠲᠤᠰᠬᠠᠢ ᠰᠡᠳᠦᠪ ᠢᠶᠠᠷ ᠬᠠᠪᠰᠤᠷᠤᠨ ᠵᠢᠯᠤᠭᠤᠳᠴᠤ᠂ ᠰᠢᠨ᠎ᠡ ᠪᠠᠷ ᠵᠠᠰᠠᠪᠤᠷᠢ | ᠣᠷᠣᠭᠤᠯᠤᠭᠰᠠᠨ ︽ᠳᠦᠷᠢᠮ︾ ᠤᠨ ᠴᠢᠬᠤᠯᠠ ᠶᠡᠭᠡ ᠠᠴᠢ ᠬᠤᠯᠪᠣᠭᠳᠠᠯ᠂ ᠭᠤᠣᠯ ᠠᠭᠤᠯᠭ᠎ᠠ ᠪᠠ | ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠲᠣᠳᠣᠷᠬᠠᠶᠢᠯᠠᠨ ᠥᠭᠦᠯᠡᠵᠦ᠂ ᠨᠡᠶᠢᠲᠡᠯᠢᠭ ᠬᠡᠷᠡᠭ ᠤᠨ ᠵᠢᠱᠢᠶ᠎ᠡ ᠲᠠᠢ | ᠤᠶᠠᠯᠳᠤᠭᠤᠯᠤᠨ ︽ᠵᠢᠷᠭᠤᠭᠠᠨ ᠵᠦᠢᠯ ᠤᠨ ᠰᠠᠬᠢᠯᠭ᠎ᠠ ᠪᠠᠲᠤ︾ ᠶᠢᠨ ᠲᠤᠬᠠᠢ ᠭᠦᠨᠵᠡᠭᠡᠢ ᠲᠠᠶᠢᠯᠤᠮᠵᠢ ᠬᠢᠵᠦ᠂ | ᠣᠯᠠᠨ ᠳᠤ ᠤᠯᠤᠰ ᠲᠥᠷᠥ ᠶᠢᠨ ᠰᠠᠬᠢᠯᠭ᠎ᠠ ᠪᠠᠲᠤ ᠶᠢᠨ ᠬᠢᠴᠢᠶᠡᠯ᠂ ᠰᠡᠷᠡᠮᠵᠢᠯᠡᠭᠦᠯᠭᠦ ᠬᠥᠮᠦᠵᠢᠯ ᠤᠨ ᠬᠢᠴᠢᠶᠡᠯ᠂ | ᠦᠢᠯᠡᠳᠦᠯᠭᠡ ᠶᠢᠨ ᠵᠢᠯᠤᠭᠤᠳᠬᠤ ᠬᠢᠴᠢᠶᠡᠯ ᠣᠷᠣᠪᠠ᠃ ᠬᠤᠶᠠᠷ ᠡᠳᠦᠷ ᠤᠨ ᠲᠤᠷᠰᠢ᠂ ᠮᠤᠵᠢ ᠶᠢᠨ ᠲᠠᠰ ᠤᠨ | ᠤᠳᠤᠷᠢᠳᠬᠤ ᠨᠥᠬᠦᠳ ᠥᠪᠥᠷ ᠮᠣᠩᠭᠤᠯ ᠤᠨ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ | ︶ ᠳᠤ ᠲᠥᠪᠯᠡᠷᠡᠨ ᠥᠪᠡᠰᠦᠪᠡᠨ ᠰᠤᠷᠤᠯᠴᠠᠵᠤ᠂ ︽ᠳᠦᠷᠢᠮ︾ ᠢ ᠲᠡᠷᠡ ᠬᠡᠪ ᠢᠶᠠᠷ ᠨᠢ᠂ ᠵᠦᠢᠯ ᠵᠤᠷᠪᠤᠰ | ᠳᠠᠷᠠᠭᠠᠯᠠᠨ ᠰᠤᠷᠤᠯᠴᠠᠵᠤ᠂ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠬᠤ ᠶᠢ ᠭᠦᠨᠵᠡᠭᠡᠢ ᠥᠷᠨᠢᠭᠦᠯᠪᠡ᠃ ᠸᠠᠩ | ᠯᠢ ᠰᠢᠶᠠ᠂ ᠵᠠᠩ ᠶᠠᠨ ᠺᠦᠨ᠂ ᠯᠢᠦ ᠱᠤᠸᠠᠩ᠂ ᠬᠤᠸᠠᠩ ᡁᠢ ᠴᠢᠶᠠᠩ᠂ ᠯᠢ ᠢᠦᠢ ᠭᠠᠩ᠂ ᠯᠢᠨ ᠱᠤᠤ ᠴᠦᠨ᠂ | ᠦ᠋ ᠶᠠᠨ ᠭᠠᠩ᠂ ᠯᠥᠸᠧ ᡁᠢ ᠬᠤ᠋ ᠰᠠᠨᠠᠯ ᠢᠶᠠᠨ ᠰᠣᠯᠢᠯᠴᠠᠬᠤ ᠦᠭᠡ ᠬᠡᠯᠡᠪᠡ᠃ ᠲᠥᠪᠯᠡᠷᠡᠨ ᠰᠤᠷᠤᠯᠴᠠᠬᠤ ᠪᠠᠷ | ᠳᠠᠮᠵᠢᠭᠤᠯᠤᠨ᠂ ᠣᠯᠠᠨ ᠢᠶᠠᠷ ᠢᠶᠠᠨ ︽ᠳᠦᠷᠢᠮ︾ ᠤᠨ ᠡᠯᠪᠡᠭ ᠪᠠᠶᠠᠯᠢᠭ ᠠᠭᠤᠯᠤᠭᠳᠠᠬᠤᠨ ᠪᠣᠯᠣᠨ | ᠦᠢᠯᠡᠳᠦᠯᠭᠡ ᠶᠢᠨ ᠱᠠᠭᠠᠷᠳᠠᠯᠭ᠎ᠠ ᠶᠢ ᠨᠡᠩ ᠪᠦᠭᠦ ᠲᠠᠯ᠎ᠠ ᠪᠠᠷ ᠭᠦᠨᠵᠡᠭᠡᠢ ᠣᠶᠢᠯᠠᠭᠠᠨ ᠡᠵᠡᠮᠰᠢᠵᠦ᠂ ᠨᠢᠭᠡ | ᠤᠳᠠᠭ᠎ᠠ ᠶᠢᠨ ᠨᠠᠮ ᠤᠨ ᠰᠠᠬᠢᠯᠭ᠎ᠠ ᠪᠠᠲᠤ ᠶᠢᠨ ᠭᠦᠨ ᠭᠦᠨᠵᠡᠭᠡᠢ ᠬᠥᠮᠦᠵᠢᠯ ᠪᠣᠯᠣᠨ ᠲᠥᠪ ᠴᠢᠩᠭ᠎ᠠ ᠨᠠᠮᠴᠢ | ᠴᠢᠨᠠᠷ ᠤᠨ ᠳᠠᠪᠲᠠᠯᠲᠠ ᠶᠢ ᠬᠦᠯᠢᠶᠡᠭᠰᠡᠨ ᠪᠠᠶᠢᠨ᠎ᠠ᠃ | ᠰᠦᠨ ᠱᠤᠤ ᠴᠧᠩ ᠣᠯᠠᠨ ᠲᠠᠢ ᠰᠤᠷᠤᠯᠴᠠᠬᠰᠠᠨ ᠲᠥᠷᠥᠭᠳᠡᠯ ᠢᠶᠠᠨ ᠰᠣᠯᠢᠯᠴᠠᠪᠠ᠃ ᠲᠡᠷᠡ᠂ ᠰᠠᠬᠢᠯᠭ᠎ᠠ ᠪᠠᠲᠤ | ᠴᠢᠩᠭ᠎ᠠ ᠪᠠᠶᠢᠬᠤ ᠪᠣᠯ ᠨᠠᠮ ᠤᠨ ᠢᠷᠠᠭᠤ ᠠᠯᠳᠠᠷᠲᠤ ᠤᠯᠠᠮᠵᠢᠯᠠᠯ ᠪᠠ ᠥᠪᠡᠷᠮᠢᠴᠡ ᠳᠠᠪᠠᠭᠤᠯᠢᠭ ᠮᠥᠨ᠂ ᠲᠡᠮᠦᠷ | ᠮᠡᠲᠦ ᠰᠠᠬᠢᠯᠭ᠎ᠠ ᠪᠠᠲᠤ ᠶᠢᠨ ᠪᠠᠲᠤᠯᠠᠭ᠎ᠠ ᠳᠤ ᠲᠦᠰᠢᠭᠯᠡᠭᠡᠳ ᠮᠠᠨ ᠤ ᠨᠠᠮ ᠰᠠᠶ᠋ᠢ ᠬᠤᠪᠢᠰᠬᠠᠯ᠂ ᠪᠦᠲᠦᠭᠡᠨ | ᠪᠠᠶᠢᠭᠤᠯᠤᠯᠲᠠ᠂ ᠥᠭᠡᠷᠡᠴᠢᠯᠡᠯᠲᠡ ᠶᠢᠨ ᠡᠯ᠎ᠡ ᠴᠠᠭ ᠦᠶ᠎ᠡ ᠳᠤ ᠢᠯᠠᠯᠲᠠ ᠠᠴᠠ ᠢᠯᠠᠯᠲᠠ ᠲᠡᠶᠢᠰᠢ ᠤᠷᠤᠭᠰᠢᠯᠠᠵᠤ | ᠴᠢᠳᠠᠵᠠᠢ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠰᠢ ᠶᠢᠨ ᠫᠢᠩ ᠨᠥᠬᠦᠷ ᠢᠶᠠᠷ ᠭᠤᠣᠯ | ᠪᠤᠯᠭᠠᠬᠰᠠᠨ ᠨᠠᠮ ᠤᠨ ᠲᠥᠪ ᠬᠤᠷᠢᠶ᠎ᠠ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭ᠎ᠠ ᠬᠦᠴᠦᠲᠡᠢ ᠠᠳᠬᠤᠵᠤ᠂ | ︽ᠠᠷᠪᠠᠨ ᠵᠢᠯ ᠬᠡᠷᠡᠭᠰᠡᠵᠦ ᠰᠢᠷᠭᠠᠭᠤ ᠬᠠᠲᠠᠭᠤᠵᠢᠯᠲᠠᠢ ᠲᠡᠮᠡᠴᠡᠬᠦ︾ ᠡᠷᠡᠰ ᠵᠣᠷᠢᠭ ᠪᠣᠯᠣᠨ ᠲᠣᠭᠲᠠᠯ ᠬᠦᠴᠦᠨ ᠢᠶᠠᠷ | ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠠᠬᠢᠭᠤᠯᠵᠤ᠂ ᠨᠠᠮ ᠤᠨ ᠰᠤᠷᠲᠠᠯ ᠵᠠᠰᠠᠭ ᠤᠨ ᠰᠤᠷᠲᠠᠯ ᠴᠣ᠋ ᠰᠢᠨ᠎ᠡ | ᠪᠠᠶᠢᠳᠠᠯ ᠲᠠᠢ ᠪᠣᠯᠪᠠ᠃ ᠨᠠᠮ ᠤᠨ ᠲᠡᠦᠬᠡᠨ ᠲᠤᠷᠰᠢᠯᠭ᠎ᠠ ᠪᠣᠯᠣᠨ ᠰᠢᠨ᠎ᠡ ᠴᠠᠭ ᠦᠶ᠎ᠡ ᠶᠢᠨ ᠦᠢᠯᠡᠳᠦᠯᠭᠡ | ᠭᠡᠷᠡᠴᠢᠯᠡᠭᠰᠡᠨ ᠢᠶᠠᠷ᠂ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠬᠤ ᠪᠣᠯ ᠪᠦᠭᠦ ᠲᠠᠯ᠎ᠠ ᠪᠠᠷ ᠨᠠᠮ ᠢ | ᠴᠢᠩᠭ᠎ᠠ ᠵᠠᠰᠠᠬᠤ ᠶᠢᠨ ᠦᠨᠳᠦᠰᠦᠨ ᠠᠴᠠ ᠨᠢ ᠵᠠᠰᠠᠬᠤ ᠠᠷᠭ᠎ᠠ ᠪᠣᠳᠣᠯᠭ᠎ᠠ ᠮᠥᠨ᠂ ᠰᠠᠬᠢᠯᠭ᠎ᠠ ᠪᠠᠲᠤᠴᠢ ᠴᠢᠨᠠᠷ ᠢ | ᠴᠢᠩᠭᠠᠳᠬᠠᠪᠠᠯ ᠬᠤᠪᠢᠰᠬᠠᠯ ᠢᠯᠠᠯᠲᠠ ᠣᠯᠬᠤ ᠨᠢ ᠯᠠᠪᠲᠠᠢ ᠶᠤᠮ ᠭᠡᠵᠡᠢ᠃ | ᠰᠦᠨ ᠱᠤᠤ ᠴᠧᠩ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠦᠷᠢᠮ︾ ᠤᠨ ᠬᠠᠮᠤᠭ ᠤᠨ ᠢᠯᠡ ᠲᠣᠳᠣ | ᠣᠨᠴᠠᠯᠢᠭ ᠪᠣᠯ ︽ᠬᠤᠶᠠᠷ ᠢ ᠲᠣᠭᠲᠠᠭᠠᠭᠰᠠᠨ︾ ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ | ᠪᠡᠶᠡᠯᠡᠭᠦᠯᠬᠦ ᠪᠠᠷ ᠦᠨᠳᠦᠰᠦᠨ ᠵᠣᠷᠢᠯᠲᠠ ᠪᠠ ᠲᠤᠰᠤᠯᠲᠠ ᠪᠤᠯᠭᠠᠵᠤ᠂ ᠡᠯ᠎ᠡ ᠲᠠᠯ᠎ᠠ ᠪᠠᠷ ᠴᠥᠮ ︽ᠬᠤᠶᠠᠷ ᠢ | ᠬᠠᠮᠠᠭᠠᠯᠠᠬᠤ︾ ᠶᠢᠨ ᠱᠠᠭᠠᠷᠳᠠᠯᠭ᠎ᠠ ᠶᠢ ᠲᠤᠭᠤᠰᠢᠯᠠᠭᠤᠯᠤᠭᠰᠠᠨ ᠶᠠᠪᠤᠳᠠᠯ ᠪᠣᠯᠣᠨ᠎ᠠ᠃ ᠪᠦᠭᠦ ᠣᠷᠣᠨ ᠤ ᠥᠷᠭᠡᠨ | ᠣᠯᠠᠨ ᠨᠠᠮ ᠤᠨ ᠭᠡᠰᠢᠭᠦᠨ ᠺᠠᠳ᠋ᠷ ︽ᠳᠦᠷᠢᠮ︾ ᠢ ᠰᠤᠷᠤᠯᠴᠠᠨ ᠲᠤᠭᠤᠰᠢᠯᠠᠭᠤᠯᠬᠤ ᠳᠤᠮᠳᠠ ︽ᠬᠤᠶᠠᠷ ᠢ | ᠲᠣᠭᠲᠠᠭᠠᠭᠰᠠᠨ︾ ᠤ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ᠤᠯᠤᠰ ᠲᠥᠷᠥ ᠶᠢᠨ | ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠤᠬᠠᠪᠤᠷᠢᠯᠠᠬᠤ ᠴᠢᠳᠠᠪᠤᠷᠢ᠂ ᠤᠯᠤᠰ ᠲᠥᠷᠥ ᠶᠢᠨ ᠭᠦᠢᠴᠡᠳᠬᠡᠬᠦ | ᠴᠢᠳᠠᠪᠤᠷᠢ ᠪᠠᠨ ᠦᠨᠡᠨ ᠬᠦ ᠴᠢᠩᠭᠠᠳᠬᠠᠵᠤ᠂ ᠨᠠᠩ ᠡᠷᠡᠰ ᠪᠠᠲᠤ ᠬᠦᠴᠦᠲᠡᠢ ᠠᠵᠢᠯᠯᠠᠭ᠎ᠠ ᠪᠠ ᠦᠨᠡᠨ ᠪᠣᠳᠠᠲᠠᠢ | ᠦᠷ᠎ᠡ ᠪᠦᠲᠦᠮᠵᠢ ᠪᠠᠷ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠬᠦ ᠬᠡᠷᠡᠭᠲᠡᠢ᠃ ᠰᠤᠷᠤᠯᠴᠠᠯᠭ᠎ᠠ ᠪᠠ | ᠠᠵᠢᠯ ᠤᠨ ᠳᠤᠮᠳᠠ ︽ᠵᠢᠷᠭᠤᠭᠠᠨ ᠵᠦᠢᠯ ᠤᠨ ᠰᠠᠬᠢᠯᠭ᠎ᠠ ᠪᠠᠲᠤ︾ ᠶᠢ ᠪᠦᠭᠦ ᠲᠠᠯ᠎ᠠ ᠪᠠᠷ ᠵᠥᠪ ᠣᠨᠣᠪᠴᠢᠲᠠᠢ | ᠡᠵᠡᠮᠰᠢᠵᠦ᠂ ︽ᠳᠦᠷᠢᠮ︾ ᠤᠨ ᠭᠤᠣᠯ ᠴᠢᠮᠦᠭᠡ ᠪᠤᠯᠬᠤ ᠤᠳᠬ᠎ᠠ ᠠᠭᠤᠯᠭ᠎ᠠ ᠶᠢ ᠲᠣᠳᠣᠷᠬᠠᠢ ᠣᠶᠢᠯᠠᠭᠠᠵᠤ᠂ | ᠰᠠᠶᠢᠲᠤᠷ ᠡᠵᠡᠮᠰᠢᠵᠦ᠂ ᠶᠠᠭᠤ ᠶᠢ ᠬᠢᠵᠦ ᠪᠤᠯᠬᠤ᠂ ᠶᠠᠭᠤ ᠶᠢ ᠬᠢᠵᠦ ᠪᠤᠯᠬᠤ ᠦᠭᠡᠢ ᠪᠠᠶᠢᠬᠤ ᠶᠢ ᠲᠣᠳᠣᠷᠬᠠᠢ | ᠣᠶᠢᠯᠠᠭᠠᠵᠤ᠂ ᠬᠢᠬᠦ ᠶᠢ ᠮᠡᠳᠡᠬᠦ ᠮᠥᠷᠲᠡᠭᠡᠨ ᠪᠠᠰᠠ ᠵᠤᠬᠰᠤᠬᠤ ᠶᠢ ᠮᠡᠳᠡᠵᠦ᠂ ᠵᠠᠷᠯᠢᠭ ᠴᠠᠭᠠᠵᠠ ᠶᠢ ᠲᠠᠭᠠᠬᠤ ᠶᠢ | ᠦᠨᠡᠨ ᠬᠦ ᠪᠡᠶᠡᠯᠡᠭᠦᠯᠬᠦ ᠬᠡᠷᠡᠭᠲᠡᠢ ᠭᠡᠵᠦ ᠬᠡᠯᠡᠪᠡ᠃ | ᠰᠦᠨ ᠱᠤᠤ ᠴᠧᠩ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠦᠷᠢᠮ︾ ᠳᠤ ᠨᠡᠩ ᠲᠣᠳᠣᠷᠬᠠᠢ | ᠠᠵᠢᠯᠯᠠᠭᠠᠨ ᠤ ᠵᠠᠭᠠᠭ ᠱᠤᠭᠤᠮ ᠢ ᠨᠠᠮ ᠤᠨ ᠭᠡᠰᠢᠭᠦᠨ ᠺᠠᠳ᠋ᠷ ᠲᠤ ᠲᠣᠭᠲᠠᠭᠠᠵᠤ ᠥᠭᠴᠡᠢ᠃ ᠠᠵᠢᠯ ᠤᠨ ᠪᠣᠳᠠᠲᠤ | ᠪᠠᠶᠢᠳᠠᠯ ᠲᠠᠢ ᠪᠠᠨ ᠨᠢᠭᠲᠠ ᠤᠶᠠᠯᠳᠤᠭᠤᠯᠵᠤ᠂ ᠬᠤᠪᠢ ᠬᠥᠮᠥᠨ ᠤ ᠵᠢᠳᠬᠦᠯ ᠴᠢᠷᠮᠠᠶᠢᠯᠭ᠎ᠠ ᠲᠠᠢ ᠤᠶᠠᠯᠳᠤᠭᠤᠯᠵᠤ | ᠪᠠᠶᠢᠭᠠᠳ ᠰᠤᠷᠤᠯᠴᠠᠨ ᠲᠤᠭᠤᠰᠢᠯᠠᠭᠤᠯᠬᠤ ᠠᠵᠢᠯ ᠢ ᠰᠠᠶᠢᠲᠤᠷ ᠠᠳᠬᠤᠵᠤ᠂ ᠢᠯᠠᠩᠭᠤᠶ᠎ᠠ ︽ᠳᠦᠷᠢᠮ︾ ᠤᠨ ᠡᠯ᠎ᠡ | ᠵᠦᠢᠯ ᠤᠨ ᠲᠣᠭᠲᠠᠭᠠᠯ ᠲᠠᠢ ᠬᠠᠷᠭᠤᠭᠤᠯᠵᠤ᠂ ᠦᠵᠡᠯ ᠰᠠᠨᠠᠭ᠎ᠠ ᠲᠠᠨᠢᠯᠲᠠ ᠶᠢᠨ ᠲᠠᠯ᠎ᠠ ᠪᠠᠷ ᠬᠢ ᠬᠦᠷᠦᠯᠴᠡᠬᠦ ᠦᠭᠡᠢ | ᠲᠠᠯ᠎ᠠ ᠪᠠ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠨᠠᠷᠢᠨ ᠬᠢᠨᠠᠮᠠᠭᠠᠢ ᠡᠷᠢᠵᠦ᠂ | ᠤᠬᠠᠮᠰᠠᠷ ᠠᠴᠠ ᠪᠠᠨ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠪᠠᠷ ᠦᠵᠡᠯ ᠰᠠᠨᠠᠭ᠎ᠠ ᠦᠶ᠋ᠯᠡ | ᠠᠵᠢᠯᠯᠠᠭ᠎ᠠ ᠪᠠᠨ ᠵᠠᠯᠠᠷᠠᠭᠤᠯᠬᠤ ᠬᠡᠷᠡᠭᠲᠡᠢ᠃ ᠰᠠᠬᠢᠯᠭ᠎ᠠ ᠪᠠᠲᠤ ᠪᠣᠯ ᠠᠯᠠᠭᠠᠨ ᠤ ᠪᠠᠨᠰᠠ ᠮᠥᠷᠲᠡᠭᠡᠨ ᠪᠠᠰᠠ ᠬᠤᠷᠢᠭ᠎ᠠ | ᠱᠤᠭᠤᠮ ᠮᠥᠨ᠂ ᠰᠤᠷᠤᠯᠴᠠᠯᠭ᠎ᠠ ᠪᠠ ᠠᠵᠢᠯ ᠤᠨ ᠳᠤᠮᠳᠠ ᠰᠠᠬᠢᠯᠭ᠎ᠠ ᠪᠠᠲᠤ ᠶᠢ ᠬᠡᠷᠡᠭᠵᠢᠭᠦᠯᠬᠦ ᠪᠠ | ᠵᠢᠷᠤᠮᠯᠠᠬᠤ ᠳᠠᠭᠠᠨ ᠥᠴᠥᠬᠡᠨ ᠴᠤ ᠬᠠᠭᠤᠮᠠᠭᠠᠢ ᠪᠠᠶᠢᠵᠤ ᠪᠤᠯᠬᠤ ᠦᠭᠡᠢ᠃ ᠨᠠᠮ ᠤᠨ ᠭᠡᠰᠢᠭᠦᠨ ᠺᠠᠳ᠋ᠷ ᠢ | ᠬᠥᠮᠥᠵᠢᠭᠦᠯᠦᠨ ᠵᠢᠯᠤᠭᠤᠳᠴᠤ ᠪᠠᠶᠢᠭᠠᠳ ᠰᠠᠬᠢᠯᠭ᠎ᠠ ᠪᠠᠲᠤ ᠶᠣᠰᠣ ᠳᠦᠷᠢᠮ ᠢ ᠴᠢᠩᠭ᠎ᠠ ᠵᠢᠷᠤᠮᠯᠠᠨ ᠪᠡᠶ᠎ᠡ ᠪᠠᠨ | ᠵᠠᠰᠠᠵᠤ ᠠᠵᠢᠯ ᠬᠢᠵᠦ᠂ ᠮᠠᠭᠤ ᠶᠠᠪᠤᠳᠠᠯ ᠬᠡᠳᠦᠢ ᠪᠠᠭ᠎ᠠ ᠪᠠᠶᠢᠭᠰᠠᠨ ᠴᠤ ᠬᠢᠵᠦ ᠪᠤᠯᠬᠤ ᠦᠭᠡᠢ᠂ ᠳᠦᠷᠢᠮ | ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠲᠠᠯ᠎ᠠ ᠪᠠᠷ ᠬᠤᠪᠢᠷᠠᠭᠤᠯᠤᠨ ᠥᠭᠡᠷᠡᠲᠦᠭᠦᠯᠵᠦ ᠪᠤᠯᠬᠤ ᠦᠭᠡᠢ᠃ | ᠮᠤᠵᠢ ᠶᠢᠨ ᠳᠡᠰ ᠤᠨ ᠤᠳᠤᠷᠢᠳᠬᠤ ᠺᠠᠳ᠋ᠷ ᠲᠦᠷᠦᠭᠦᠯᠡᠨ ᠰᠠᠬᠢᠯᠭ᠎ᠠ ᠪᠠᠲᠤ ᠬᠠᠤᠯᠢ ᠴᠠᠭᠠᠵᠠ ᠶᠢ ᠭᠦᠨᠳᠦᠳᠭᠡᠵᠦ᠂ | ᠤᠬᠠᠮᠰᠠᠷ ᠠᠴᠠ ᠪᠠᠨ ᠨᠠᠮ ᠤᠨ ᠳᠦᠷᠢᠮ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠪᠠᠷ ᠥᠪᠡᠷ ᠤᠨ ᠦᠭᠡ | ᠶᠠᠷᠢᠶ᠎ᠠ ᠦᠢᠯᠡ ᠠᠵᠢᠯᠯᠠᠭ᠎ᠠ ᠪᠠᠨ ᠬᠢᠵᠠᠭᠠᠷᠯᠠᠵᠤ᠂ ᠪᠦᠭᠦ ᠣᠷᠣᠨ ᠤ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠲᠤ | ᠦᠯᠢᠭᠡᠷ ᠳᠠᠭᠤᠷᠢᠶᠠᠯ ᠪᠤᠯᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ | ᠳᠤᠭᠤᠶᠢᠯᠠᠩ︶ ᠤᠯᠤᠰ ᠲᠦᠷᠦ ᠶᠢᠨ ᠬᠠᠷᠢᠭᠤᠴᠠᠯᠭ᠎ᠠ ᠪᠠᠨ ᠦᠨᠡᠨ ᠬᠦ ᠪᠠᠲᠤ ᠡᠭᠦᠷᠭᠡᠯᠡᠵᠦ᠂ ᠨᠠᠮ ᠤᠨ ᠰᠠᠬᠢᠯᠭ᠎ᠠ | ᠪᠠᠲᠤ ᠶᠢᠨ ᠰᠤᠷᠤᠯᠴᠠᠯᠭ᠎ᠠ ᠬᠥᠮᠦᠵᠢᠯ ᠢ ᠨᠠᠷᠢᠨ ᠨᠢᠮᠪᠠᠢ ᠵᠣᠬᠢᠶᠠᠨ ᠪᠠᠶᠢᠭᠤᠯᠤᠨ ᠥᠷᠨᠢᠭᠦᠯᠵᠦ᠂ ᠴᠢᠩᠭ᠎ᠠ ᠪᠣᠳᠠᠲᠠᠢ | ᠪᠠᠶᠢᠬᠤ ᠱᠠᠭᠠᠷᠳᠠᠯᠭ᠎ᠠ ᠶᠢ ᠪᠦᠭᠦ ᠶᠠᠪᠤᠴᠠ ᠳᠤ ᠲᠤᠭᠤᠰᠢᠯᠠᠭᠤᠯᠵᠤ᠂ ᠰᠤᠷᠤᠯᠴᠠᠯᠭ᠎ᠠ ᠬᠥᠮᠦᠵᠢᠯ ᠤᠨ ᠯᠠᠪᠳᠠᠭᠤᠨ | ᠪᠠᠲᠤᠲᠠᠢ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠬᠡᠯᠡᠪᠡ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ | ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠨᠢᠭᠡᠴᠢ ᠶᠢᠨ ᠬᠠᠷᠢᠭᠤᠴᠠᠯᠭᠠᠲᠠᠨ ᠨᠥᠬᠦᠳ ᠬᠠᠪᠰᠤᠷᠤᠨ | ᠵᠢᠯᠤᠭᠤᠳᠬᠤ ᠲᠠᠶᠢᠯᠤᠮᠵᠢ ᠪᠠ ᠰᠤᠳᠤᠯᠤᠨ ᠶᠠᠷᠢᠯᠴᠠᠵᠤ ᠰᠣᠯᠢᠯᠴᠠᠬᠤ ᠳᠤ ᠣᠷᠣᠯᠴᠠᠵᠠᠢ᠃ |