ᠯᠢ ᠴᠢᠶᠠᠩ 135 ᠳ᠋ᠤᠭᠠᠷ ᠬᠤᠭᠤᠴᠠᠭᠠᠨ ᠤ ᠳᠤᠮᠳᠠᠳᠤ ᠤᠯᠤᠰ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠲᠠᠸᠠᠷ ᠤᠨ ᠠᠷᠠᠯᠵᠢᠶᠠᠨ ᠤ ᠴᠤᠭᠯᠠᠭᠠᠨ ᠤ ᠣᠷᠳᠣᠨ ᠢ ᠲᠣᠭᠤᠷᠢᠨ ᠦᠵᠡᠬᠦ ᠳᠤ ᠪᠠᠨ ᠴᠢᠬᠤᠯᠠᠴᠢᠯᠠᠭᠰᠠᠨ ᠨᠢ ᠭᠤᠸᠠᠩᠵᠧᠦ ᠶᠢᠨ ᠠᠷᠠᠯᠵᠢᠶᠠᠨ ᠤ ᠴᠤᠭᠯᠠᠭᠠᠨ ᠡᠨᠡ ᠬᠦ ︽ᠠᠯᠲᠠᠨ ᠦᠰᠦᠭᠲᠦ ᠫᠠᠶᠢᠰᠠ︾ ᠶᠢ ᠰᠢᠨ᠎ᠡ ᠴᠠᠭ ᠦᠶ᠎ᠡ ᠶᠢᠨ ᠴᠤᠭ ᠵᠢᠪᠬᠤᠭ᠎ᠠ ᠶᠢ ᠳᠠᠰᠤᠷᠠᠯᠳᠠ ᠦᠬᠡᠢ ᠪᠠᠳᠠᠷᠠᠭᠤᠯᠬᠤ ᠬᠡᠷᠡᠭᠲᠡᠢ ᠭᠡᠪᠡ
ᠨᠡᠶᠢᠲᠡᠯᠡᠭᠰᠡᠨ ᠴᠠᠭ᠄
2024/4/19
    ᠰᠢᠨᠬᠤᠸᠠ ᠬᠤᠷᠢᠶᠠᠨ ᠤ ᠭᠤᠸᠠᠩᠵᠧᠦ ᠶᠢᠨ 4 ᠰᠠᠷ᠎ᠠ ᠶᠢᠨ 18 ᠤ ᠡᠳᠦᠷ ᠤᠨ ᠴᠠᠬᠢᠯᠭᠠᠨ ᠮᠡᠳᠡᠭᠡ 4 ᠰᠠᠷ᠎ᠠ ᠶᠢᠨ 18 ᠤ ᠡᠳᠦᠷ᠂ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 135 ᠳ᠋ᠤᠭᠠᠷ ᠬᠤᠭᠤᠴᠠᠭᠠᠨ ᠤ ᠳᠤᠮᠳᠠᠳᠤ ᠤᠯᠤᠰ ᠤᠨ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠲᠠᠸᠠᠷ ᠤᠨ ᠠᠷᠠᠯᠵᠢᠶᠠᠨ ᠤ ᠴᠤᠭᠯᠠᠭᠠᠨ ︵ᠭᠤᠸᠠᠩᠵᠧᠦ ᠶᠢᠨ ᠠᠷᠠᠯᠵᠢᠶᠠᠨ ᠤ ᠴᠤᠭᠯᠠᠭᠠᠨ︶ ᠤ ᠠᠵᠤ ᠠᠬᠤᠶᠢᠯᠠᠯ ᠤᠨ ᠣᠷᠳᠣᠨ ᠳᠤ ᠲᠣᠭᠤᠷᠢᠨ ᠦᠵᠡᠪᠡ᠃ ᠲᠡᠷᠡ᠂ ᠶᠡᠷᠦᠩᠬᠡᠢ ᠱᠦᠵᠢ ᠰᠢ ᠶᠢᠨ ᠫᠢᠩ ᠤᠨ ᠭᠤᠸᠠᠩᠵᠧᠦ ᠶᠢᠨ ᠠᠷᠠᠯᠵᠢᠶᠠᠨ ᠤ ᠴᠤᠭᠯᠠᠭᠠᠨ ᠢ ᠰᠠᠶᠢᠲᠤᠷ ᠡᠷᠬᠢᠯᠡᠬᠦ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠦᠨ᠂ ᠰᠢᠨ᠎ᠡ ᠶᠢ ᠡᠭᠦᠳᠬᠦ ᠬᠥᠭᠵᠢᠯᠲᠡ ᠶᠢ ᠪᠠᠷᠢᠮᠲᠠᠯᠠᠵᠤ᠂ ᠭᠤᠸᠠᠩᠵᠧᠦ ᠶᠢᠨ ᠠᠷᠠᠯᠵᠢᠶᠠᠨ ᠤ ᠴᠤᠭᠯᠠᠭᠠᠨ ᠢ ᠤᠯᠠᠮ ᠰᠠᠶᠢᠨ ᠡᠷᠬᠢᠯᠡᠬᠦ ᠶᠢ ᠠᠬᠢᠭᠤᠯᠵᠤ᠂ ᠭᠤᠸᠠᠩᠵᠧᠦ ᠶᠢᠨ ᠠᠷᠠᠯᠵᠢᠶᠠᠨ ᠤ ᠴᠤᠭᠯᠠᠭᠠᠨ ᠭᠡᠬᠦ ᠡᠨᠡ ᠬᠦ ︽ᠠᠯᠲᠠᠨ ᠦᠰᠦᠭᠲᠦ ᠫᠠᠶᠢᠰᠠ︾ ᠶᠢᠨ ᠰᠢᠨ᠎ᠡ ᠴᠠᠭ ᠦᠶ᠎ᠡ ᠶᠢᠨ ᠴᠤᠭ ᠵᠢᠪᠬᠤᠭ᠎ᠠ ᠶᠢ ᠲᠠᠰᠤᠷᠠᠯᠲᠠ ᠥᠬᠡᠶ ᠪᠠᠳᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
154.jpg
    18 ᠤ ᠡᠳᠦᠷ ᠤᠨ ᠦᠳᠡ ᠶᠢᠨ ᠡᠮᠦᠨ᠎ᠡ᠂ ᠯᠢ ᠴᠢᠶᠠᠩ ᠦᠵᠡᠰᠬᠦᠯᠡᠩ ᠤᠨ ᠣᠷᠳᠣᠨ ᠤ A ᠲᠣᠭᠤᠷᠢᠭ ᠤᠨ ᠠᠵᠤ ᠠᠬᠤᠶᠢᠯᠠᠯ ᠤᠨ ᠣᠷᠳᠣᠨ ᠳᠤ ᠬᠦᠷᠴᠦ᠂ ᠤᠷᠢᠳ ᠬᠤᠵᠢᠳ ᠯᠠᠢ ᠺᠧ ᠴᠠᠬᠢᠯᠭᠠᠨ᠂ ᠮᠠᠢ ᠱᠧᠩ ᠡᠮ ᠡᠮᠨᠡᠯᠭᠡ᠂ ᠴᠤᠸᠠᠩ ᠸᠧᠢ᠂ ᠺᠧ ᠳ᠋ᠠ ᠰᠢᠶᠦ᠋ᠨ ᠹᠧᠢ᠂ ᠭᠤᠸᠠᠩ ᠴᠢ ᠮᠠᠰᠢᠨ ᠲᠡᠷᠭᠡ᠂ ᠯᠦᠩ ᠰᠢᠨ ᠨᠡᠶᠢᠳᠡᠮ ᠬᠡᠷᠡᠭᠯᠡᠬᠦ ᠵᠡᠷᠭᠡ ᠣᠯᠠᠨ ᠠᠵᠤ ᠠᠬᠤᠶᠢᠯᠠᠯ ᠤᠨ ᠦᠵᠡᠭᠦᠯᠦᠯᠭᠡ ᠶᠢᠨ ᠲᠣᠭᠤᠷᠢᠭ ᠢᠶᠠᠷ ᠲᠣᠭᠤᠷᠢᠨ ᠦᠵᠡᠵᠦ᠂ ᠠᠵᠤ ᠠᠬᠤᠶᠢᠯᠠᠯ ᠤᠨ ᠦᠵᠡᠰᠬᠦᠯᠡᠩ ᠳᠤ ᠣᠷᠣᠯᠴᠠᠭᠰᠠᠨ ᠪᠠᠶᠢᠳᠠᠯ ᠢ ᠣᠶᠢᠯᠠᠭᠠᠵᠤ᠂ ᠦᠢᠯᠡᠳᠬᠦᠨ ᠤ ᠬᠤᠷᠰᠢᠯᠴᠠᠭᠠᠨ ᠤ ᠦᠵᠡᠭᠦᠯᠭᠡ ᠶᠢ ᠰᠣᠨᠢᠷᠬᠠᠪᠠ᠃ ᠯᠢ ᠴᠢᠶᠠᠩ ᠬᠤᠯᠪᠣᠭᠳᠠᠯ ᠪᠦᠬᠦᠢ ᠠᠵᠤ ᠠᠬᠤᠶᠢᠯᠠᠯ ᠤᠨ ᠮᠡᠷᠭᠡᠵᠢᠯ ᠤᠨ ᠬᠤᠷᠠᠮᠳᠤᠭᠤᠯᠭ᠎ᠠ᠂ ᠦᠢᠯᠡᠳᠬᠦᠨ ᠤ ᠰᠢᠨ᠎ᠡ ᠶᠢ ᠡᠭᠦᠳᠬᠦ ᠪᠠᠷ ᠳᠠᠮᠵᠢᠭᠤᠯᠵᠤ᠂ ᠣᠯᠠᠨ ᠤᠯᠤᠰ ᠤᠨ ᠬᠤᠷᠴᠠ ᠰᠢᠷᠦᠭᠦᠨ ᠥᠷᠢᠰᠥᠯᠳᠦᠭᠡᠨ ᠤ ᠳᠤᠮᠳᠠ ᠪᠠᠶᠢᠷᠢ ᠡᠵᠡᠯᠡᠭᠰᠡᠨ ᠢ ᠨᠤᠲᠠᠯᠠᠪᠠ᠃ ᠲᠡᠷᠡ ᠠᠵᠤ ᠠᠬᠤᠶᠢᠯᠠᠯ ᠢ ᠪᠡᠶ᠎ᠡ ᠪᠠᠨ ᠳᠠᠭᠠᠭᠠᠵᠤ ᠰᠤᠳᠤᠯᠤᠨ ᠨᠡᠭᠡᠭᠡᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠲᠣᠭᠠᠴᠢᠯᠠᠭᠰᠠᠨ᠂ ᠤᠶᠤᠨᠴᠢᠯᠠᠭᠰᠠᠨ᠂ ᠪᠣᠬᠢᠷᠲᠤᠯ ᠦᠭᠡᠢ ᠲᠡᠶᠢᠰᠢ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ᠳᠤᠮᠳᠠᠳᠤ ᠤᠯᠤᠰ ᠤᠨ ᠦᠢᠯᠡᠳᠬᠡᠯ ᠢ ᠳᠤᠮᠳᠠᠳᠤ ᠤᠯᠤᠰ ᠤᠨ ᠡᠭᠦᠳᠦᠨ ᠪᠦᠲᠦᠭᠡᠬᠦ ᠲᠡᠶᠢᠰᠢ ᠬᠤᠪᠢᠷᠠᠭᠤᠯᠬᠤ ᠶᠢ ᠲᠦᠷᠭᠡᠳᠬᠡᠵᠦ᠂ ᠪᠠᠶᠢᠭ᠎ᠠ ᠠᠵᠢᠯ ᠲᠥᠷᠥᠯ ᠤᠨ ᠲᠦᠷᠦᠭᠦᠴᠢ᠂ ᠳᠠᠭᠠᠭᠤᠯᠤᠭᠴᠢ ᠪᠣᠯᠬᠤ ᠪᠠᠷ ᠴᠢᠷᠮᠠᠶᠢᠬᠤ ᠬᠡᠷᠡᠭᠲᠡᠢ ᠭᠡᠵᠦ ᠵᠣᠷᠢᠭᠵᠢᠭᠤᠯᠪᠠ᠃ ᠲᠡᠷᠡ᠂ ᠥᠷᠭᠡᠨ ᠣᠯᠠᠨ ᠠᠷᠠᠯᠵᠢᠶᠠᠨ ᠤ ᠲᠠᠪᠴᠠᠩ ᠤᠨ ᠲᠠᠪᠴᠠᠩ ᠢ ᠭᠦᠢᠴᠡᠳ ᠰᠠᠶᠢᠲᠤᠷ ᠠᠰᠢᠭᠯᠠᠵᠤ᠂ ᠳᠤᠮᠳᠠᠳᠤ ᠤᠯᠤᠰ ᠤᠨ ᠲᠦᠷᠦᠯ ᠲᠡᠮᠳᠡᠭ ᠤᠨ ᠠᠯᠳᠠᠷᠰᠢᠯ ᠪᠣᠯᠤᠨ ᠨᠥᠯᠥᠭᠡᠯᠡᠬᠦ ᠬᠦᠴᠦᠨ ᠢ ᠦᠷᠭᠦᠯᠵᠢᠯᠡᠨ ᠳᠡᠭᠡᠭᠰᠢᠯᠡᠭᠦᠯᠵᠦ᠂ ᠭᠠᠳᠠᠭᠠᠳᠤ ᠠᠷᠠᠯᠵᠢᠶᠠᠨ ᠤ ᠶᠠᠰᠤ ᠴᠢᠨᠠᠷ ᠤᠨ ᠳᠡᠭᠡᠭᠰᠢᠯᠡᠯᠲᠡ ᠶᠢᠨ ᠲᠣᠭᠲᠠᠭᠤᠨ ᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠯᠢ ᠴᠢᠶᠠᠩ ᠪᠠᠰᠠ ᠡᠯ᠎ᠡ ᠤᠯᠤᠰ ᠤᠨ ᠬᠤᠳᠠᠯᠳᠤᠨ ᠠᠪᠬᠤ ᠠᠷᠠᠯᠵᠢᠶᠠᠴᠢᠳ ᠲᠠᠢ ᠳᠣᠲᠣᠨᠣ ᠪᠠᠷ ᠶᠠᠷᠢᠯᠴᠠᠵᠤ᠂ ᠣᠯᠠᠨ ᠢᠶᠠᠷ ᠢᠶᠠᠨ ᠳᠤᠮᠳᠠᠳᠤ ᠭᠠᠳᠠᠭᠠᠳᠤ ᠶᠢᠨ ᠬᠠᠮᠲᠤᠷᠠᠯᠴᠠᠭ᠎ᠠ ᠶᠢ ᠠᠬᠢᠭᠤᠯᠬᠤ ᠬᠥᠭᠦᠷᠭᠡ ᠬᠤᠯᠪᠣᠭᠠᠰᠤ ᠪᠣᠯᠵᠤ᠂ ᠳᠤᠮᠳᠠᠳᠤ ᠤᠯᠤᠰ ᠪᠣᠯᠤᠨ ᠳᠡᠯᠡᠬᠡᠢ ᠶᠢᠨ ᠬᠠᠮᠲᠤᠷᠠᠯᠴᠠᠭ᠎ᠠ ᠬᠢᠵᠦ ᠬᠠᠮᠲᠤᠪᠠᠷ ᠠᠰᠢᠭ ᠬᠦᠷᠲᠡᠬᠦ ᠶᠢ ᠠᠬᠢᠭᠤᠯᠬᠤ ᠶᠢ ᠵᠣᠷᠢᠭᠵᠢᠭᠤᠯᠪᠠ᠃    ᠯᠢ ᠴᠢᠶᠠᠩ ᠭᠤᠸᠠᠩᠵᠧᠦ ᠶᠢᠨ ᠠᠷᠠᠯᠵᠢᠶᠠᠨ ᠤ ᠴᠤᠭᠯᠠᠭᠠᠨ ᠤ ᠬᠥᠭᠵᠢᠯᠲᠡ ᠶᠢᠨ ᠲᠡᠦᠬᠡ ᠶᠢᠨ ᠦᠵᠡᠭᠦᠯᠦᠯᠭᠡ ᠶᠢᠨ ᠣᠷᠳᠣᠨ ᠢ ᠲᠣᠭᠤᠷᠢᠨ ᠦᠵᠡᠪᠡ᠃ ᠲᠡᠷᠡ᠂ ᠰᠢᠨ᠎ᠡ ᠪᠠᠶᠢᠳᠠᠯ ᠳᠣᠣᠷᠠᠬᠢ ᠭᠤᠸᠠᠩᠵᠧᠦ ᠶᠢᠨ ᠠᠷᠠᠯᠵᠢᠶᠠᠨ ᠤ ᠴᠤᠭᠯᠠᠭᠠᠨ ᠢ ᠤᠯᠠᠮ ᠰᠠᠶᠢᠨ ᠡᠷᠬᠢᠯᠡᠵᠦ᠂ ᠮᠠᠨ ᠤ ᠤᠯᠤᠰ ᠤᠨ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠥᠷᠭᠡᠳᠬᠡᠬᠦ᠂ ᠨᠡᠭᠡᠭᠡᠯᠲᠡᠲᠦ ᠬᠡᠯᠪᠡᠷᠢ ᠶᠢᠨ ᠳᠡᠯᠡᠬᠡᠢ ᠶᠢᠨ ᠠᠵᠤ ᠠᠬᠤᠢ ᠶᠢᠨ ᠪᠠᠶᠢᠭᠤᠯᠤᠯᠲᠠ ᠶᠢ ᠠᠬᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ ᠰᠦᠯᠵᠢᠶᠡᠨ ᠳᠡᠭᠡᠷᠡᠬᠢ ᠲᠠᠪᠴᠠᠩ ᠢ ᠢᠳᠡᠪᠬᠢᠲᠡᠢ ᠰᠦᠪᠡᠭᠴᠢᠯᠡᠨ ᠰᠠᠶᠢᠲᠤᠷ ᠡᠷᠬᠢᠯᠡᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠨᠡᠩ ᠰᠠᠶᠢᠨ ᠠᠭᠤᠰᠤᠯᠴᠠᠯ ᠢ ᠠᠬᠢᠭᠤᠯᠵᠤ᠂ ︽ᠡᠭᠦᠷᠢᠳᠡ ᠲᠡᠭᠦᠰᠬᠦ ᠦᠭᠡᠢ︾ ᠬᠠᠮ ᠠᠷᠠᠯᠵᠢᠶᠠᠨ ᠤ ᠴᠤᠭᠯᠠᠭᠠᠨ ᠢ ᠪᠣᠢ ᠪᠣᠯᠭᠠᠬᠤ ᠬᠡᠷᠡᠭᠲᠡᠢ︔ ᠵᠠᠬ᠎ᠠ ᠳᠡᠯᠭᠡᠭᠦᠷ ᠤᠨ ᠡᠮᠦᠨ᠎ᠡ ᠡᠩᠨᠡᠭᠡᠨ ᠳᠤ ᠰᠠᠭᠤᠷᠢᠯᠠᠨ᠂ ᠰᠢᠨ᠎ᠡ ᠮᠡᠷᠭᠡᠵᠢᠯ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠲᠣᠭᠤᠷᠢᠨ ᠳᠤ ᠭᠤᠣᠯ ᠰᠡᠳᠦᠪᠲᠦ ᠵᠢᠷᠤᠭ ᠲᠥᠯᠥᠪᠯᠡᠭᠡ ᠶᠢ ᠴᠢᠩᠭᠠᠳᠬᠠᠵᠤ᠂ ᠦᠵᠡᠰᠬᠦᠯᠡᠩ ᠳᠤ ᠣᠷᠣᠯᠴᠠᠭᠰᠠᠨ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠠᠵᠤ ᠦᠢᠯᠡᠰ ᠤᠨ ᠳᠡᠰ ᠳᠡᠪᠰᠢᠬᠦ᠂ ᠬᠡᠷᠡᠭᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠶᠢ ᠨᠡᠩ ᠰᠠᠶᠢᠲᠤᠷ ᠠᠬᠢᠭᠤᠯᠵᠤ᠂ ︽ᠵᠠᠬ᠎ᠠ ᠳᠡᠯᠭᠡᠭᠦᠷ ᠢ ᠬᠥᠲᠥᠯᠦᠨ ᠳᠠᠭᠠᠭᠤᠯᠤᠭᠰᠠᠨ︾ ᠬᠠᠮ ᠠᠷᠠᠯᠵᠢᠶᠠᠨ ᠤ ᠴᠤᠭᠯᠠᠭᠠᠨ ᠢ ᠪᠣᠢ ᠪᠣᠯᠭᠠᠬᠤ ᠬᠡᠷᠡᠭᠲᠡᠢ᠃    ᠡᠭᠦᠨ ᠠᠴᠠ ᠡᠮᠦᠨ᠎ᠡ᠂ ᠯᠢ ᠴᠢᠶᠠᠩ ᠭᠤᠸᠠᠩᠵᠧᠦ ᠶᠢᠨ ᠠᠷᠠᠯᠵᠢᠶᠠᠨ ᠤ ᠴᠤᠭᠯᠠᠭᠠᠨ ᠳᠤ ᠣᠷᠣᠯᠴᠠᠭᠰᠠᠨ ᠠᠵᠤ ᠠᠬᠤᠶᠢᠯᠠᠯ ᠤᠨ ᠲᠥᠯᠥᠭᠡᠯᠡᠭᠴᠢᠳ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ᠃     ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠤᠨ ᠶᠠᠷᠢᠶ᠎ᠠ ᠶᠢ ᠰᠣᠨᠣᠰᠤᠭᠰᠠᠨ ᠤ ᠳᠠᠷᠠᠭ᠎ᠠ᠂ ᠯᠢ ᠴᠢᠶᠠᠩ᠂ ᠣᠶᠢᠷ᠎ᠠ ᠶᠢᠨ ᠵᠢᠯ ᠤᠳ ᠲᠤ᠂ ᠳᠡᠯᠡᠬᠡᠢ ᠶᠢᠨ ᠠᠵᠤ ᠠᠬᠤᠢ ᠶᠢᠨ ᠨᠡᠮᠡᠭᠳᠡᠯ ᠬᠦᠴᠦᠨ ᠦᠭᠡᠢ᠂ ᠠᠷᠠᠯᠵᠢᠶᠠᠨ ᠤ ᠬᠠᠮᠠᠭᠠᠯᠠᠬᠤ ᠦᠵᠡᠯ ᠴᠤᠬᠤᠶᠢᠵᠤ ᠪᠠᠶᠢᠬᠤ ᠵᠡᠷᠭᠡ ᠠᠰᠢᠭ ᠦᠭᠡᠢ ᠨᠥᠯᠥᠭᠡ ᠶᠢᠨ ᠡᠮᠦᠨ᠎ᠡ᠂ ᠮᠠᠨ ᠤ ᠤᠯᠤᠰ ᠤᠨ ᠭᠠᠳᠠᠭᠠᠳᠤ ᠠᠷᠠᠯᠵᠢᠶ᠎ᠠ ᠮᠠᠰᠢ ᠴᠢᠩᠭ᠎ᠠ ᠤᠶᠠᠨ ᠬᠠᠳᠠᠨ ᠴᠢᠨᠠᠷ ᠪᠠ ᠥᠷᠢᠰᠥᠯᠳᠦᠬᠦ ᠬᠦᠴᠦᠨ ᠢᠯᠡᠷᠡᠵᠦ᠂ ᠡᠭᠦᠨ ᠳᠤ ᠥᠷᠭᠡᠨ ᠣᠯᠠᠨ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠰᠢᠷᠭᠠᠭᠤ ᠲᠡᠮᠡᠴᠡᠯ ᠢ ᠨᠢᠭᠲᠠᠷᠠᠭᠤᠯᠵᠤ ᠪᠠᠶᠢᠨ᠎ᠠ᠃ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠬᠢᠨ ᠣᠯᠠᠨ ᠤᠯᠤᠰ ᠤᠨ ᠵᠠᠬ᠎ᠠ ᠳᠡᠯᠭᠡᠭᠦᠷ ᠢ ᠤᠯᠠᠮ ᠴᠢᠨᠠᠭᠰᠢᠳᠠ ᠥᠷᠭᠡᠳᠬᠡᠬᠦ᠂ ᠦᠢᠯᠡᠳᠬᠦᠨ ᠤ ᠶᠠᠰᠤ ᠴᠢᠨᠠᠷ ᠪᠣᠯᠤᠨ ᠨᠡᠮᠡᠯᠲᠡ ᠥᠷᠲᠡᠭ ᠢ ᠲᠠᠰᠤᠷᠠᠯᠳᠠ ᠦᠭᠡᠢ ᠳᠡᠭᠡᠭᠰᠢᠯᠡᠭᠦᠯᠬᠦ᠂ ᠣᠯᠠᠨ ᠤᠯᠤᠰ ᠤᠨ ᠪᠠᠷᠢᠮᠵᠢᠶ᠎ᠠ ᠶᠢ ᠲᠣᠭᠲᠠᠭᠠᠬᠤ ᠳᠤ ᠢᠳᠡᠪᠬᠢᠲᠡᠢ ᠣᠷᠣᠯᠴᠠᠬᠤ ᠳᠡᠭᠡᠷ᠎ᠡ ᠬᠦᠴᠦ ᠲᠠᠯᠪᠢᠵᠤ᠂ ᠰᠢᠨ᠎ᠡ ᠶᠢ ᠡᠭᠦᠳᠬᠦ᠂ ᠶᠠᠰᠤ ᠴᠢᠨᠠᠷ ᠢ ᠠᠳᠠᠯᠢᠳᠬᠠᠬᠤ᠂ ᠲᠦᠷᠦᠯ ᠲᠡᠮᠳᠡᠭ ᠢ ᠬᠥᠭᠡᠭᠡᠴᠡᠯᠳᠦᠬᠦ ᠰᠢᠨ᠎ᠡ ᠵᠠᠮ ᠢᠶᠠᠷ ᠵᠠᠮᠨᠠᠵᠤ᠂ ᠰᠢᠯᠭᠠᠷᠠᠭᠰᠠᠨ ᠮᠡᠷᠭᠡᠵᠢᠯ᠂ ᠶᠠᠰᠤ ᠴᠢᠨᠠᠷ ᠪᠣᠯᠤᠨ ᠦᠢᠯᠡᠴᠢᠯᠡᠭᠡ ᠳᠤ ᠲᠦᠰᠢᠭᠯᠡᠨ ᠵᠠᠬ᠎ᠠ ᠳᠡᠯᠭᠡᠭᠦᠷ ᠢ ᠣᠯᠵᠤ᠂ ᠢᠷᠡᠭᠡᠳᠦᠢ ᠶᠢ ᠲᠡᠮᠡᠴᠡᠨ ᠣᠯᠬᠤ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠬᠢᠨ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠳᠤ ᠬᠦᠴᠦᠲᠡᠢ ᠳᠡᠮᠵᠢᠯᠭᠡ᠂ ᠪᠦᠲᠦᠮᠵᠢᠲᠡᠢ ᠵᠢᠯᠣᠭᠤᠳᠣᠯᠭ᠎ᠠ᠂ ᠴᠢᠨᠠᠷ ᠰᠠᠶᠢᠲᠠᠢ ᠦᠢᠯᠡᠴᠢᠯᠡᠭᠡ ᠬᠠᠩᠭᠠᠵᠤ᠂ ᠠᠵᠤ ᠠᠬᠤᠶᠢᠯᠠᠯ ᠳᠤ ᠲᠥᠷᠥ ᠶᠢᠨ ᠪᠣᠳᠣᠯᠭ᠎ᠠ ᠶᠢᠨ ᠠᠰᠢᠭ ᠢ ᠦᠨᠡᠨ ᠬᠦ ᠡᠳ᠋ᠯᠡᠭᠦᠯᠵᠦ᠂ ᠠᠵᠤ ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠢ ᠰᠠᠶᠢᠲᠤᠷ ᠬᠠᠮᠠᠭᠠᠯᠠᠵᠤ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠢ ᠨᠡᠭᠡᠭᠡᠬᠦ᠂ ᠰᠢᠨ᠎ᠡ ᠶᠢ ᠡᠭᠦᠳᠦᠨ ᠬᠥᠭᠵᠢᠬᠦ ᠶᠢᠨ ᠪᠠᠲᠤ ᠴᠢᠩᠭ᠎ᠠ ᠥᠮᠥᠭ ᠲᠦᠰᠢᠭ ᠪᠣᠯᠬᠤ ᠬᠡᠷᠡᠭᠲᠡᠢ᠃    ᠬᠤᠸᠠᠩ ᠺᠦᠨ ᠮᠢᠩ᠂ ᠦ᠋ ᠵᠧᠩ ᠯᠦᠩ ᠬᠤᠯᠪᠣᠭᠳᠠᠯ ᠪᠦᠬᠦᠢ ᠠᠵᠢᠯᠯᠠᠭ᠎ᠠ ᠳᠤ ᠣᠷᠣᠯᠴᠠᠪᠠ᠃
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号