ᠦᠵᠦᠮᠦᠴᠢᠨ ᠤ ᠰᠢᠨ᠎ᠡ ᠶᠢᠨ ᠨᠢᠭᠡᠨ ᠤ ᠶᠤᠰᠤ ᠵᠠᠩᠰᠢᠯ
ᠨᠡᠶᠢᠲᠡᠯᠡᠭᠰᠡᠨ ᠴᠠᠭ᠄
2024/4/2
   ᠦᠵᠦᠮᠦᠴᠢᠨ ᠠᠶᠢᠮᠠᠭ ᠨᠢ ᠤᠷᠳᠤ ᠤᠳᠠᠭᠠᠨ ᠮᠠᠯᠵᠢᠬᠤ ᠦᠢᠯᠡᠳᠪᠦᠷᠢᠯᠡᠯ ᠤᠨ ᠲᠡᠤᠬᠡᠨ ᠶᠠᠪᠤᠴᠠ ᠳᠤ ᠦᠪᠡᠷᠮᠢᠴᠡ ᠤᠨᠴᠠᠯᠢᠭ ᠲᠠᠢ ᠰᠢᠨᠡᠯᠡᠬᠦ ᠶᠤᠰᠤ ᠵᠠᠩᠰᠢᠯ ᠢ ᠪᠦᠷᠢᠯᠳᠦᠭᠦᠯᠵᠦ ᠲᠡᠭᠦᠨ ᠢᠶᠠᠨ ᠤᠯᠠᠮᠵᠢᠯᠠᠨ ᠵᠠᠯᠭᠠᠮᠵᠢᠯᠠᠭᠰᠠᠭᠠᠷ ᠢᠷᠡᠭᠰᠡᠨ ᠪᠠᠶᠢᠨ᠎ᠠ᠃ ᠴᠠᠭᠠᠨ ᠰᠠᠷ᠎ᠠ ᠶᠢᠨ ᠰᠢᠨ᠎ᠡ ᠶᠢᠨ ᠨᠢᠭᠡᠨ ᠤ ᠦᠷᠯᠦᠭᠡ ᠡᠷᠳᠡ ᠪᠤᠰᠴᠤ᠂ ᠴᠠᠢ ᠪᠠᠨ ᠴᠢᠨᠠᠵᠤ᠂ ᠬᠦᠮᠦᠨ ᠪᠦᠬᠦᠨ ᠰᠢᠨ᠎ᠡ ᠬᠤᠪᠴᠠᠰᠤ ᠪᠠᠨ ᠡᠮᠦᠰᠴᠦ᠂ ᠨᠢᠭᠤᠷ ᠭᠠᠷ ᠢᠶᠠᠨ ᠤᠭᠢᠶᠠᠭᠰᠠᠨ ᠤ ᠲᠠᠷᠠᠭ᠎ᠠ᠂ ᠪᠦᠭᠦᠳᠡᠭᠡᠷ ᠭᠠᠷᠴᠤ ᠴᠠᠢ᠂ ᠴᠠᠭᠠᠨ ᠢᠳᠡᠭᠡ᠂ ᠠᠷᠢᠬᠢ ᠵᠡᠷᠭᠡ ᠢᠳᠡᠭᠡᠨ ᠤᠮᠳᠠᠭᠠᠨ ᠢᠶᠠᠷ ᠲᠡᠭᠷᠢ ᠪᠠᠨ ᠲᠠᠬᠢᠵᠤ ᠡᠷᠡᠭᠦᠯ ᠡᠩᠬᠡ ᠬᠡᠶᠢᠮᠦᠷᠢ ᠯᠦᠨᠳᠦ ᠪᠠᠨ ᠲᠠᠭᠠᠳᠬᠠᠳᠠᠭ᠃ ᠰᠢᠨ᠎ᠡ ᠶᠢᠨ ᠰᠠᠩ ᠲᠠᠯᠪᠢᠵᠤ᠂ ᠭᠡᠷ ᠲᠡᠭᠡᠨ ᠤᠷᠤᠵᠤ ᠭᠠᠯ ᠪᠤᠷᠬᠠᠨ ᠳᠠᠭᠠᠨ ᠡᠷᠭᠦᠯ ᠡᠷᠭᠦᠨ ᠮᠦᠷᠭᠦᠭᠰᠡᠨ ᠤ ᠲᠠᠷᠠᠭ᠎ᠠ᠂ ᠠᠬᠠᠮᠠᠳ ᠦᠶ᠎ᠡ ᠠᠴᠠ ᠨᠢ ᠲᠠᠷᠠᠭᠠᠯᠠᠨ ᠤᠷᠤ ᠤᠷᠤᠨ ᠳᠠᠭᠠᠨ ᠰᠠᠭᠤᠵᠠᠭᠠᠬᠤ ᠳᠤ᠂ ᠦᠷ᠎ᠡ ᠬᠡᠤᠬᠡᠳ ᠨᠢ ᠠᠪᠤ ᠡᠵᠢ᠂ ᠠᠬᠠᠰ ᠵᠠᠬᠠᠰ ᠠᠴᠠ ᠪᠠᠨ ᠡᠬᠢᠯᠡᠨ ᠵᠤᠯᠭᠠᠵᠤ᠂ ᠬᠠᠷᠢᠯᠴᠠᠨ ᠰᠢᠨ᠎ᠡ ᠶᠢᠨ ᠵᠤᠯᠭᠠᠯᠳᠠ ᠬᠢᠭᠰᠡᠨ ᠤ ᠲᠠᠷᠠᠭ᠎ᠠ᠂ ᠪᠦᠭᠦᠳᠡᠭᠡᠷ ᠰᠠᠭᠤᠵᠠᠭᠠᠵᠤ᠂ ᠭᠡᠷ ᠤᠨ ᠡᠵᠡᠨ ᠪᠦᠰᠡᠭᠦᠢ ᠠᠴᠠ ᠪᠦᠭᠦᠳᠡ ᠳᠤ ᠴᠠᠢ ᠠᠶᠠᠭᠠᠯᠠᠨ ᠴᠠᠭᠠᠨ ᠢᠳᠡᠭᠡ ᠪᠠᠷᠢᠨ᠎ᠠ᠃ ᠪᠦᠭᠦᠳᠡᠭᠡᠷ ᠴᠠᠭᠠᠨ ᠢᠳᠡᠭᠡ ᠠᠮᠬᠠᠷᠠᠭᠰᠠᠨ ᠤ ᠲᠠᠷᠠᠭ᠎ᠠ᠂ ᠦᠷ᠎ᠡ ᠬᠡᠤᠬᠡᠳ ᠨᠢ ᠠᠬᠠᠮᠠᠳ ᠨᠠᠰᠤᠳᠠᠳ ᠲᠠᠭᠠᠨ ᠠᠷᠢᠬᠢ ᠬᠡᠮᠨᠡᠵᠦ᠂ ᠠᠬᠠᠮᠠᠳ ᠨᠠᠰᠤᠳᠠᠳ ᠨᠢ ᠪᠠᠷᠢᠭᠰᠠᠨ ᠠᠷᠢᠬᠢ ᠶᠢ ᠲᠤᠰᠴᠤ ᠠᠪᠤᠭᠠᠳ ᠦᠷ᠎ᠡ ᠬᠡᠤᠬᠡᠳ ᠢᠶᠠᠨ ᠢᠷᠦᠭᠡᠳᠡᠭ᠃ ᠢᠩᠭᠢᠭᠡᠳ ᠠᠬᠠᠮᠠᠳ ᠨᠠᠰᠤᠳᠠᠳ ᠨᠢ ᠬᠡᠤᠬᠡᠳ ᠲᠡᠭᠦᠨᠡᠷ ᠲᠡᠭᠡᠨ ᠰᠢᠨ᠎ᠡ ᠶᠢᠨ ᠪᠤᠤᠪᠤ ᠦᠭᠳᠡᠭ᠃ ᠭᠡᠷ ᠲᠡᠭᠡᠨ ᠰᠢᠨᠡᠯᠡᠭᠰᠡᠨ ᠤ ᠲᠠᠷᠠᠭ᠎ᠠ ᠪᠤᠰᠤᠳ ᠠᠶᠢᠯ ᠢᠶᠠᠷ ᠰᠢᠨᠡᠯᠡᠬᠦ ᠪᠠᠷ ᠶᠠᠪᠤᠳᠠᠭ᠃ ᠴᠠᠭᠠᠨ ᠰᠠᠷ᠎ᠠ ᠶᠢᠨ ᠰᠢᠨ᠎ᠡ ᠶᠢᠨ ᠨᠢᠭᠡᠨ ᠤ ᠡᠳᠦᠷ᠂ ᠠᠬᠠᠮᠠᠳ ᠨᠠᠰᠤᠳᠠᠨ᠂ ᠨᠡᠷ᠎ᠡ ᠬᠦᠨᠳᠦᠳᠦ ᠬᠦᠮᠦᠰ ᠤᠨ ᠭᠡᠷ ᠢᠶᠠᠷ ᠤᠷᠢᠳᠠᠪᠠᠷ ᠰᠢᠨᠡᠯᠡᠵᠦ᠂ ᠠᠶᠢᠯ ᠭᠡᠭᠡᠵᠦ ᠰᠢᠨᠡᠯᠡᠳᠡᠭ ᠦᠭᠡᠢ᠃ ᠠᠭᠤᠯᠵᠠᠭᠰᠠᠨ ᠬᠦᠮᠦᠰ ᠬᠠᠷᠢᠯᠴᠠᠨ ᠰᠢᠨ᠎ᠡ ᠶᠢᠨ ᠵᠤᠯᠭᠠᠯᠳᠠ ᠬᠢᠵᠦ᠂ ᠬᠡᠤᠬᠡᠳ ᠲᠡᠭᠦᠨᠡᠷ ᠨᠢ ᠤᠷᠢᠳᠠᠪᠠᠷ ᠵᠤᠯᠭᠠᠵᠤ᠂ ︽ᠰᠠᠶᠢᠨ ᠰᠢᠨᠡᠯᠡᠪᠡᠤ︾ ᠬᠡᠮᠡᠨ ᠮᠡᠨᠳᠦᠴᠢᠯᠡᠳᠡᠭ᠃ ᠰᠢᠨ᠎ᠡ ᠶᠢᠨ ᠬᠡᠶᠢᠴᠢᠨ ᠢ ᠵᠠᠯᠠᠵᠤ ᠤᠷᠤᠭᠤᠯᠤᠭᠠᠳ ᠵᠤᠯᠭᠠᠭᠰᠠᠨ ᠤ ᠲᠠᠷᠠᠭ᠎ᠠ ᠴᠠᠢ ᠠᠶᠠᠭᠠᠯᠠᠵᠤ᠂ ᠴᠠᠭᠠᠨ ᠢᠳᠡᠭᠡ ᠪᠠᠷᠢᠵᠤ᠂ ᠠᠷᠢᠬᠢ ᠬᠡᠮᠨᠡᠳᠡᠭ᠃ ᠦᠵᠦᠮᠦᠴᠢᠨ ᠤ ᠴᠠᠭᠠᠨ ᠢᠳᠡᠭᠡ ᠠᠮᠰᠠᠬᠤ ᠶᠤᠰᠤ ᠴᠦ ᠦᠪᠡᠷᠮᠢᠴᠡ ᠬᠡᠪ ᠨᠠᠮᠪᠠ ᠲᠠᠢ᠃ ᠰᠢᠨ᠎ᠡ ᠶᠢᠨ ᠵᠤᠴᠢᠨ ᠮᠤᠷᠳᠠᠮᠠᠷ ᠪᠤᠯᠬᠤ ᠳᠤ ᠤᠷᠳᠤ ᠨᠠᠰᠤᠳᠤ ᠪᠤᠳᠠᠭ᠎ᠠ ᠬᠡᠮᠡᠨ ᠠᠶᠠᠭᠠᠯᠠᠵᠤ᠂ ᠬᠡᠤᠬᠡᠳ ᠲᠡᠭᠦᠨᠡᠷ ᠲᠡᠭᠡᠨ ᠰᠢᠨ᠎ᠡ ᠶᠢᠨ ᠪᠤᠤᠪᠤ ᠦᠭᠴᠦ ᠭᠠᠷᠭᠠᠳᠠᠭ᠃ ᠦᠵᠦᠮᠦᠴᠢᠠᠴᠤᠤᠳ ᠪᠡᠯᠭᠡᠳᠦ ᠰᠠᠶᠢᠬᠠᠨ ᠴᠠᠭᠠᠨ ᠰᠠᠷ᠎ᠠ ᠪᠠᠨ ᠪᠠᠶᠠᠷ ᠪᠠᠶᠠᠰᠬᠤᠯᠠᠩ ᠲᠠᠢ ᠦᠩᠭᠡᠷᠡᠭᠡᠵᠦ᠂ ᠰᠢᠨ᠎ᠡ ᠨᠢᠭᠡᠨ ᠵᠢᠯ ᠳᠤ ᠦᠨᠢᠷ ᠵᠢᠷᠭᠠᠯ ᠲᠠᠢ ᠦᠯᠵᠡᠢ ᠮᠦᠷ ᠲᠠᠢ ᠶᠠᠪᠤᠬᠤ ᠶᠢ ᠵᠦᠩᠨᠡᠵᠦ᠂ ᠴᠠᠭᠠᠨ ᠰᠠᠷ᠎ᠠ ᠳᠤ ᠪᠡᠯᠭᠡ ᠲᠡᠮᠪᠡᠷᠢᠯ ᠦᠭᠡᠢ ᠪᠤᠶᠤ ᠶᠤᠰᠤ ᠮᠤᠷᠠᠯ ᠦᠭᠡᠢ ᠵᠦᠢᠯ ᠢ ᠴᠢᠩᠭ᠎ᠠ ᠴᠡᠭᠡᠷᠯᠡᠳᠡᠭ ᠪᠠᠶᠢᠨ᠎ᠠ᠃    
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号