ᠪᠦᠬᠦ ᠣᠷᠣᠨ ᠤ ᠢᠳᠡᠪᠬᠢ ᠬᠦᠴᠦᠨ ᠢ ᠲᠡᠮᠵᠢᠭᠤᠯᠤᠬᠴᠢ ᠰᠦᠯᠵᠢᠶᠡᠨ ᠤ ᠡᠳᠡᠬᠡᠳ ᠵᠢᠴᠢ ᠴᠢᠯᠥᠭᠡᠲᠦ ᠠᠵᠢᠯ ᠬᠢᠳᠡᠭ ᠬᠥᠮᠦᠰ ᠤᠨ ᠨᠢᠭᠡᠳᠦᠮᠡᠯ ᠹᠷᠣᠨᠲ ᠤᠨ ᠠᠵᠢᠯ ᠤᠨ ᠶᠠᠷᠢᠯᠴᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/4/2
   ᠬᠦᠦᠳᠠᠭᠤᠯᠠ ᠶᠠᠷᠢᠶ᠎ᠠ ᠲᠠᠯᠪᠢᠵᠠᠢ   3 ᠰᠠᠷ᠎ᠠ ᠶᠢᠨ 28 ᠤ ᠡᠳᠦᠷ᠂ ᠪᠦᠬᠦ ᠣᠷᠣᠨ ᠤ ᠢᠳᠡᠪᠬᠢ ᠬᠦᠴᠦᠨ ᠢ ᠲᠡᠮᠵᠢᠭᠤᠯᠤᠬᠴᠢ ᠰᠦᠯᠵᠢᠶᠡᠨ ᠤ ᠡᠳᠡᠬᠡᠳ ᠵᠢᠴᠢ ᠴᠢᠯᠥᠭᠡᠲᠦ ᠠᠵᠢᠯ ᠬᠢᠳᠡᠭ ᠬᠥᠮᠦᠰ ᠤᠨ ᠨᠢᠭᠡᠳᠦᠮᠡᠯ ᠹᠷᠣᠨᠲ ᠤᠨ ᠠᠵᠢᠯ ᠤᠨ ᠶᠠᠷᠢᠯᠴᠠᠬᠤ ᠬᠤᠷᠠᠯ ᠬᠥᠬᠡᠬᠤᠲᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠬᠦᠦᠳᠠᠭᠤᠯᠠ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃   ᠬᠦᠦᠳᠠᠭᠤᠯᠠ ᠰᠦᠯᠵᠢᠶᠡᠨ ᠤ ᠡᠳᠡᠬᠡᠳ ᠪᠣᠯᠤᠨ ᠴᠢᠯᠥᠭᠡᠲᠦ ᠠᠵᠢᠯ ᠬᠢᠳᠡᠭ ᠬᠥᠮᠦᠰ ᠤᠨ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠵᠡᠭᠦᠯᠦᠭᠰᠡᠨ ᠬᠤᠪᠢ ᠨᠡᠮᠡᠷᠢ ᠶᠢ ᠨᠤᠲᠠᠯᠠᠵᠤ ᠪᠠᠶᠢᠬᠤ ᠪᠠᠨ ᠢᠯᠡᠳᠭᠡᠪᠡ᠃ ᠲᠡᠳᠡᠨ ᠢ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠵᠥᠪ ᠴᠢᠭᠯᠡᠯ ᠢ ᠡᠵᠡᠮᠳᠡᠵᠦ᠂ ᠥᠪᠡᠷᠮᠢᠴᠡ ᠤᠨᠴᠠᠭᠠᠢ ᠦᠢᠯᠡᠳᠦᠯ ᠢᠶᠠᠨ ᠪᠠᠳᠠᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ᠰᠢᠨ᠎ᠡ ᠵᠠᠮ ᠢ ᠨᠡᠭᠡᠭᠡᠵᠦ ᠳᠤᠮᠳᠠ ᠲᠦᠪᠰᠢᠨ ᠳᠤ ᠤᠷᠤᠬᠤ ᠳᠤ ᠬᠥᠮᠦᠨ ᠤ ᠰᠡᠳᠭᠢᠯ ᠢ ᠨᠢᠭᠲᠠᠷᠠᠭᠤᠯᠵᠤ᠂ ᠬᠦᠴᠦᠨ ᠴᠢᠳᠠᠯ ᠢ ᠬᠤᠷᠠᠮᠳᠤᠭᠤᠯᠬᠤ ᠶᠢ ᠵᠣᠷᠢᠭᠵᠢᠭᠤᠯᠪᠠ᠃ ᠪᠥᠬᠦ ᠣᠷᠣᠨ ᠤ ᠡᠯ᠎ᠡ ᠱᠠᠲᠤᠨ ᠤ ᠨᠢᠭᠡᠳᠦᠮᠡᠯ ᠹᠷᠣᠨᠲ ᠤᠨ ᠰᠠᠯᠠᠭ᠎ᠠ ᠮᠥᠴᠢᠷ ᠤᠨ ᠬᠢᠨ ᠨᠡᠶᠢᠭᠡᠮ ᠤᠨ ᠰᠢᠨ᠎ᠡ ᠳᠠᠪᠬᠤᠷᠭ᠎ᠠ ᠶᠢᠨ ᠬᠥᠮᠦᠰ ᠢ ᠦᠵᠡᠯ ᠰᠠᠨᠠᠭ᠎ᠠ ᠤᠯᠤᠰ ᠲᠥᠷᠥ ᠶᠢᠨ ᠲᠠᠯ᠎ᠠ ᠪᠠᠷ ᠬᠥᠲᠥᠯᠥᠨ ᠳᠠᠭᠠᠭᠤᠯᠬᠤ ᠪᠠᠨ ᠴᠢᠩᠭᠠᠳᠬᠠᠵᠤ᠂ ᠰᠦᠯᠵᠢᠶᠡᠨ ᠤ ᠡᠳᠡᠬᠡᠳ ᠪᠠ ᠴᠢᠯᠥᠭᠡᠲᠦ ᠠᠵᠢᠯ ᠬᠢᠳᠡᠭ ᠬᠥᠮᠦᠰ ᠤᠨ ᠲᠤᠬᠠᠶᠢᠯᠠᠭᠰᠠᠨ ᠠᠵᠢᠯ ᠳᠠᠭᠠᠨ ᠰᠠᠭᠤᠷᠢᠯᠠᠨ ᠨᠠᠩ ᠶᠡᠭᠡ ᠦᠢᠯᠡᠳᠦᠯ ᠦᠵᠡᠭᠦᠯᠬᠦ ᠶᠢ ᠳᠡᠮᠵᠢᠬᠦ ᠬᠡᠷᠡᠭᠲᠡᠶ ᠭᠡᠵᠦ ᠱᠠᠭᠠᠷᠳᠠᠪᠠ᠃   ᠬᠤᠷᠠᠯ ᠳᠤ ᠣᠷᠣᠯᠴᠠᠭᠰᠠᠳ ᠬᠠᠮᠲᠤ ᠪᠠᠷ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ ᠂ ᠨᠠᠮ ᠢᠶᠠᠨ ᠳᠠᠭᠠᠵᠤ︾ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠰᠡᠳᠭᠢᠯ ᠨᠢᠭᠡᠳᠦᠨ ᠬᠦᠴᠦ ᠪᠠᠨ ᠬᠠᠮᠲᠤᠳᠬᠠᠬᠤ ᠰᠠᠨᠠᠭᠠᠴᠢᠯᠠᠭ᠎ᠠ ᠭᠠᠷᠭᠠᠵᠤ᠂ ︽ᠢᠳᠡᠪᠬᠢ ᠬᠦᠴᠦᠨ ᠢ ᠳᠠᠮᠵᠢᠭᠤᠯᠬᠤ ᠨᠡᠶᠢᠲᠡ ᠶᠢᠨ ᠭᠡᠷ᠎ᠡ︾ ᠳᠤ ᠭᠠᠷ ᠤᠨ ᠦᠰᠦᠭ ᠵᠢᠷᠤᠪᠠ᠃ 10 ᠲᠥᠯᠥᠭᠡᠯᠡᠭᠴᠢ ᠠᠴᠠ ᠬᠤᠷᠠᠯ ᠳᠡᠭᠡᠷ᠎ᠡ ᠦᠬᠡ ᠬᠡᠯᠡᠪᠡ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号