ᠤᠶᠢᠷ᠎ᠠ ᠶᠢᠨ ᠡᠳᠦᠷ᠂ ᠨᠢᠮᠠᠳᠤᠭᠠᠷ ᠪᠦᠯᠦᠭ ᠤᠯᠤᠰ ᠤᠨ ᠲᠡᠰ ᠤᠨ ᠦᠢᠯᠡᠳᠬᠦ ᠦᠢᠯᠡᠰ ᠤᠨ ᠲᠠᠩ ᠲᠦᠷᠤᠯ ᠤᠨ | ᠮᠠᠩᠯᠠᠶᠢᠯᠠᠬᠴᠢ ᠠᠵᠤ ᠠᠬᠤᠶᠢᠯᠠᠯ ᠤᠨ ᠨᠡᠷᠡᠰ ᠤᠨ ᠵᠢᠬᠰᠠᠭᠠᠯ ᠨᠡᠶᠢᠳᠡᠯᠡᠭᠳᠡᠵᠦ᠂ ᠤᠮᠠᠷᠠᠳᠤ ᠶᠢᠨ ᠬᠤᠪᠤᠷ ᠰᠢᠷᠤᠢ ︵ | ᠪᠦᠳᠦᠭᠡᠭᠳᠡᠭᠦᠨ ᠨᠢ ᠲᠡᠮᠦᠷᠯᠢᠭ ᠫᠠᠷᠠᠼᠸᠤᠳᠢᠮ ᠨᠧᠤᠳᠢᠮ︶ ᠲᠡᠭᠦᠨ ᠲᠤᠳᠤᠷ᠎ᠠ ᠪᠠᠭᠳᠠᠬᠰᠠᠨ ᠪᠠᠶᠢᠨ᠎ᠠ᠃ | ᠤᠯᠤᠰ ᠤᠨ ᠲᠤᠳᠤᠭᠠᠳᠤ ᠶᠢᠨ ᠬᠠᠮᠤᠭ ᠤᠨ ᠠᠩᠬ᠎ᠠ ᠬᠤᠪᠤᠷ ᠰᠢᠷᠤᠢ ᠶᠢ ᠬᠡᠪᠴᠢᠶᠡᠵᠢᠬᠦᠯᠦᠨ ᠦᠢᠯᠡᠳᠪᠦᠷᠢᠯᠡᠭᠰᠡᠨ | ᠠᠵᠤ ᠠᠬᠤᠶᠢᠯᠠᠯ ᠪᠤᠯᠤᠬᠰᠠᠨ ᠤ ᠬᠤᠪᠢ ᠳᠤ᠂ ᠤᠮᠠᠷᠠᠳᠤ ᠶᠢᠨ ᠬᠤᠪᠤᠷ ᠰᠢᠷᠤᠢ ᠤᠳᠤ ᠨᠢᠬᠡᠨᠳᠡ ᠪᠦᠬᠦ | ᠪᠦᠮᠪᠦᠷᠴᠢᠭ ᠤᠨ ᠬᠠᠮᠤᠭ ᠤᠨ ᠲᠤᠮᠤ ᠬᠤᠪᠤᠷ ᠰᠢᠷᠤᠢ ᠶᠢᠨ ᠲᠦᠭᠦᠬᠡᠢ ᠮᠠᠲ᠋ᠧᠷᠢᠶᠠᠯ ᠤᠨ ᠦᠢᠯᠡᠳᠪᠦᠷᠢᠯᠡᠯ ᠤᠨ | ᠰᠠᠭᠤᠷᠢᠨ ᠪᠤᠯᠵᠦ᠂ ᠲᠡᠭᠦᠨ ᠤ ᠪᠡᠶ᠎ᠠ ᠪᠠᠨ ᠲᠠᠭᠠᠭᠠᠨ ᠰᠤᠳᠤᠯᠤᠨ ᠦᠢᠯᠡᠳᠦᠭᠰᠡᠨ ᠬᠦᠩᠬᠡᠨ ᠬᠤᠪᠤᠷ ᠰᠢᠷᠤᠢ ᠶᠢᠨ | ᠲᠡᠮᠦᠷᠯᠢᠭ ᠬᠠᠶᠢᠯᠤᠭᠤᠯᠤᠨ ᠰᠠᠯᠭᠠᠬᠤ᠂ ᠬᠤᠪᠤᠷ ᠰᠢᠷᠤᠢ ᠶᠢᠨ ᠲᠡᠮᠦᠷᠯᠢᠭ ᠦᠢᠯᠡᠳᠬᠦ ᠵᠡᠷᠭᠡ ᠮᠡᠷᠭᠡᠵᠢᠯ ᠨᠢ ᠨᠢᠭᠡᠨᠳᠡ | ᠠᠵᠢᠯ ᠲᠦᠷᠤᠯ ᠤᠨ ᠨᠡᠶᠢᠳᠡᠮ ᠬᠡᠷᠡᠭᠯᠡᠬᠦ ᠮᠡᠷᠭᠡᠵᠢᠯ ᠪᠤᠯᠵᠦ᠂ ᠡᠬᠢᠨ ᠤ ᠪᠠ ᠡᠴᠤᠰ ᠤᠨ ᠬᠡᠯᠬᠢᠶ᠎ᠠ ᠶᠢᠨ ᠮᠡᠷᠭᠡᠵᠢᠯ ᠤᠨ | ᠲᠦᠪᠰᠢᠨ ᠢ ᠲᠠᠭᠠᠭᠤᠯᠤᠨ ᠲᠡᠭᠡᠭᠰᠢᠯᠡᠬᠦᠯᠵᠦ᠂ ᠤᠯᠠᠨ ᠲᠦᠷᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠤᠳᠤᠯᠭᠠᠨ ᠤ ᠦᠷ᠎ᠠ ᠪᠦᠳᠦᠭᠡᠯ ᠢ ᠤᠨᠳᠤᠤᠰᠢᠭᠤᠯᠤᠨ ᠨᠠᠶᠢᠳᠠᠪᠤᠷᠢᠵᠢᠭᠤᠯᠵᠤ ᠠᠵᠢᠯ ᠲᠦᠷᠤᠯ ᠤᠨ ᠬᠤᠭᠤᠰᠤᠨ ᠢ | ᠨᠦᠬᠦᠪᠦᠷᠢᠯᠡᠭᠰᠡᠨ ᠪᠠᠶᠢᠨ᠎ᠠ᠃ ᠤᠨᠴᠠᠭᠠᠶᠢᠯᠠᠨ 2002 ᠤᠨ ᠳᠤ᠂ ᠳᠤᠮᠳᠠᠳᠤ ᠤᠯᠤᠰ ᠤᠨ ᠤᠮᠠᠷᠠᠳᠤ ᠶᠢᠨ ᠬᠤᠪᠤᠷ | ᠰᠢᠷᠤᠢ ᠶᠢᠨ ᠠᠩᠬ᠎ᠠ ᠡᠭᠦᠳᠦᠨ ᠪᠦᠳᠤᠬᠡᠭᠰᠡᠨ ︽ᠢᠰᠦᠯ ᠤᠨ ᠴᠠᠬᠢᠯᠭᠠᠨ ᠵᠠᠳᠠᠯᠤᠯᠳᠠ ᠶᠢᠨ ᠠᠷᠭ᠎ᠠ ᠪᠠᠷ ᠨᠧᠤᠳᠢᠮ | ᠲᠡᠮᠦᠷ ᠤᠨ ᠬᠠᠶᠢᠯᠤᠰᠢ ᠶᠢ ᠵᠠᠯᠭᠠᠭ᠎ᠠ ᠪᠠᠷ ᠦᠢᠯᠡᠳᠬᠦ ᠪᠤᠯᠤᠨ ᠲᠡᠮᠦᠷᠯᠢᠭ ᠨᠧᠤᠳᠢᠮ ᠤᠨ ᠮᠡᠷᠭᠡᠵᠢᠯ︾ ᠵᠢᠴᠢ ︽ᠸᠠᠨ | ᠠᠮ ᠫᠧᠢ ᠶᠢᠨ ᠬᠠᠶᠢᠯᠤᠮᠠᠯ ᠲᠠᠪᠤᠰᠤᠨ ᠤ ᠴᠠᠬᠢᠯᠭᠠᠨ ᠵᠠᠳᠠᠯᠤᠯᠳᠠ ᠶᠢᠨ ᠵᠠᠩᠬᠢᠯᠠᠭ᠎ᠠ ᠶᠢᠨ ᠮᠡᠷᠭᠡᠵᠢᠯ ᠬᠢᠬᠡᠳ ᠢᠵᠢ | ᠲᠦᠬᠦᠬᠡᠷᠤᠮᠵᠢ︾ ᠶᠢᠨ ᠲᠦᠷᠤᠯ ᠵᠦᠢᠯ ᠤᠨ ᠦᠷ᠎ᠠ ᠪᠦᠳᠦᠭᠡᠯ ᠳᠤ ᠲᠦᠰᠢᠭᠯᠡᠨ᠂ ᠪᠦᠬᠦ ᠪᠦᠮᠪᠦᠷᠴᠡᠭ ᠤᠨ | ᠬᠠᠮᠤᠭ ᠤᠨ ᠲᠤᠮᠤ ᠬᠤᠪᠤᠷ ᠰᠢᠷᠤᠢ ᠶᠢᠨ ᠲᠡᠮᠦᠷᠯᠢᠭ ᠫᠠᠷᠠᠼᠸᠤᠳᠢᠮ ᠨᠧᠤᠳᠢᠮ ᠦᠢᠯᠡᠳᠪᠦᠷᠢᠯᠡᠬᠦ ᠠᠵᠤ ᠠᠬᠤᠶᠢᠯᠠᠯ | ᠪᠤᠯᠬᠤ ᠷᠦᠢ ᠰᠢᠨ ᠺᠤᠮᠫᠠᠨᠢ ᠶᠢ ᠪᠠᠶᠢᠭᠤᠯᠵᠦ᠂ ᠤᠯᠠᠨ ᠠᠷᠭ᠎ᠠ ᠵᠠᠮ ᠢᠶᠠᠷ ᠲᠡᠮᠦᠷᠯᠢᠭ ᠫᠠᠷᠠᠼᠸᠤᠳᠢᠮ ᠨᠧᠤᠳᠢᠮ ᠤᠨ | ᠬᠠᠩᠭᠠᠬᠤ ᠪᠠᠶᠢᠷᠢᠰᠢᠯ ᠢ ᠪᠦᠷᠢᠯᠳᠤᠭᠦᠯᠦᠭᠰᠡᠨ ᠪᠠᠶᠢᠨ᠎ᠠ᠃ ᠤᠳᠤ ᠤᠮᠠᠷᠠᠳᠤ ᠶᠢᠨ ᠬᠤᠪᠤᠷ ᠰᠢᠷᠤᠢ ᠶᠢᠨ ᠲᠡᠮᠦᠷᠯᠢᠭ | ᠫᠠᠷᠠᠼᠸᠤᠳᠢᠮ ᠨᠧᠤᠳᠢᠮ ᠤᠨ ᠪᠦᠳᠦᠭᠡᠭᠳᠡᠭᠦᠨ ᠨᠢ ᠭᠤᠤᠯᠳᠠᠭᠤ ᠬᠤᠪᠤᠷ ᠰᠢᠷᠤᠢ ᠶᠢᠨ ᠨᠧᠤᠳᠢᠮ ᠲᠡᠮᠦᠷ ᠪᠤᠷ ᠤᠨ | ᠰᠤᠷᠢᠨᠵᠢᠨ ᠴᠢᠨᠠᠷᠳᠤ ᠮᠠᠲ᠋ᠧᠷᠢᠶᠠᠯ ᠢ ᠦᠢᠯᠡᠳᠬᠦ ᠳᠤ ᠬᠡᠷᠡᠭᠯᠡᠵᠦ᠂ ᠪᠦᠳᠦᠭᠡᠭᠳᠡᠭᠦᠨ ᠤ ᠴᠢᠳᠠᠪᠬᠢ ᠨᠢ ᠠᠵᠢᠯ | ᠲᠦᠷᠦᠯ ᠤᠨ ᠲᠤᠮᠳᠠ ᠤᠷᠦ᠋ᠢᠯᠠᠵᠦ᠂ ᠲᠡᠯᠡᠭᠡᠢ ᠶᠢᠨ ᠲᠡᠷᠢᠭᠦᠨ ᠤ ᠲᠦᠪᠰᠢᠨ ᠳᠤ ᠬᠦᠷᠴᠦ᠂ ᠡᠴᠤᠰ ᠤᠨ | ᠬᠡᠯᠬᠢᠶ᠎ᠠ ᠶᠢᠨ ᠰᠢᠨ᠎ᠠ ᠡᠨᠧᠷᠬᠢ ᠶᠢᠨ ᠮᠠᠰᠢᠨ ᠲᠡᠷᠭᠡ᠂ ᠡᠯᠧᠺᠲᠷᠤᠨ 3C ᠪᠦᠳᠦᠭᠡᠭᠳᠡᠭᠦᠨ᠂ ᠠᠵᠤ | ᠦᠢᠯᠡᠳᠪᠦᠷᠢ ᠶᠢᠨ ᠮᠠᠰᠢᠨ ᠬᠦᠮᠦᠨ ᠤ ᠦᠢᠯᠡᠴᠢᠯᠡᠬᠦ ᠴᠠᠬᠢᠯᠭᠠᠨ ᠮᠠᠰᠢᠨ᠂ ᠠᠵᠤ ᠦᠢᠯᠡᠳᠪᠦᠷᠢ ᠶᠢᠨ ᠡᠨᠧᠷᠬᠢ | ᠠᠷᠪᠢᠯᠠᠬᠤ ᠴᠠᠬᠢᠯᠭᠠᠨ ᠮᠠᠰᠢᠨ᠂ ᠰᠠᠯᠬᠢᠨ ᠬᠦᠴᠦᠨ ᠤ ᠴᠠᠬᠢᠯᠭᠠᠨ ᠭᠠᠷᠭᠠᠬᠤ᠂ ᠦᠨᠳᠤᠷ ᠪᠦᠳᠦᠮᠵᠢᠳᠤ ᠭᠡᠷ ᠤᠨ | ᠴᠠᠬᠢᠯᠭᠠᠨ ᠬᠡᠷᠡᠭᠰᠡᠯ ᠵᠡᠷᠭᠡ ᠠᠵᠢᠯ ᠲᠦᠷᠦᠯ ᠳᠤ ᠦᠷᠭᠡᠨ ᠢᠶᠠᠷ ᠬᠡᠷᠡᠭᠯᠡᠭᠳᠡᠵᠦ ᠪᠠᠶᠢᠨ᠎ᠠ᠃ | 2016 ᠤᠨ ᠠᠴᠠ ᠡᠬᠢᠯᠡᠨ᠂ ᠠᠵᠤ ᠦᠢᠯᠡᠳᠪᠦᠷᠢ ᠪᠡ ᠮᠡᠳᠡᠭᠡ ᠵᠠᠩᠬᠢᠵᠢᠯᠳᠠ ᠶᠢᠨ ᠶᠠᠮᠤᠨ ᠵᠢᠯ ᠪᠤᠯᠭᠠᠨ | ᠦᠢᠯᠡᠳᠬᠦ ᠦᠢᠯᠡᠰ ᠤᠨ ᠲᠠᠩ ᠲᠦᠷᠤᠯ ᠤᠨ ᠮᠠᠩᠯᠠᠶᠢᠯᠠᠬᠴᠢ ᠠᠵᠤ ᠠᠬᠤᠶᠢᠯᠠᠯ ᠢ ᠰᠢᠯᠢᠨ ᠰᠤᠩᠭᠤᠬᠤ ᠪᠤᠯᠤᠨ | ᠬᠢᠨᠡᠵᠦ ᠦᠨᠡᠯᠡᠬᠦ ᠠᠵᠢᠯ ᠢ ᠵᠤᠬᠢᠶᠠᠨ ᠪᠠᠶᠢᠭᠤᠯᠤᠨ ᠦᠷᠨᠢᠬᠦᠯᠵᠦ᠂ ᠨᠢᠮᠠᠳᠤᠭᠠᠷ ᠪᠦᠯᠦᠭ ᠢᠯᠨ ᠪᠠᠷ ᠵᠠᠷᠯᠠᠨ | ᠨᠡᠶᠢᠳᠡᠯᠡᠬᠦ ᠨᠡᠷᠡᠰ ᠢ ᠨᠡᠶᠢᠳᠡᠯᠡᠬᠦ ᠪᠤᠯᠳᠠᠯ᠎ᠠ᠂ ᠦᠪᠡᠷᠳᠡᠭᠡᠨ ᠵᠠᠰᠠᠬᠤ ᠤᠷᠤᠨ ᠤ ᠨᠡᠶᠢᠳᠡ 3 ᠠᠵᠤ ᠠᠬᠤᠶᠢᠯᠠᠯ | ᠰᠤᠩᠭᠤᠬᠳᠠᠨ ᠤᠷᠤᠬᠰᠠᠨ ᠪᠠᠶᠢᠨ᠎ᠠ᠃ |