ᠮᠠᠨ ᠤ ᠤᠷᠤᠨ ᠤ ᠬᠦᠷᠦᠰᠤ ᠰᠢᠷᠤᠢ ᠶᠢᠨ ᠴᠢᠭᠢᠭ ᠤᠨ ᠪᠠᠶᠢᠳᠠᠯ ᠪᠠ ᠴᠠᠭ ᠠᠭᠤᠷ ᠤᠨ ᠨᠦᠬᠦᠴᠡᠯ ᠬᠠᠪᠤᠷ ᠤᠨ ᠲᠠᠷᠢᠶᠠᠯᠠᠭ᠎ᠠ ᠳᠤ ᠠᠰᠢᠭᠲᠠᠢ ᠪᠠᠶᠢᠨ᠎ᠠ
ᠨᠡᠶᠢᠲᠡᠯᠡᠭᠰᠡᠨ ᠴᠠᠭ᠄
2024/4/2
   ᠦᠪᠡᠷᠲᠡᠭᠡᠨ ᠵᠠᠰᠠᠬᠤ ᠤᠷᠤᠨ ᠤ ᠴᠠᠭ ᠠᠭᠤᠷ ᠤᠨ ᠲᠤᠪᠴᠢᠶ᠎ᠠ ᠶᠢᠨ 2024 ᠤᠨ ᠤ ᠨᠢᠭᠡᠳᠦᠭᠡᠷ ᠤᠯᠠᠷᠢᠯ ᠤᠨ ᠴᠠᠭ ᠠᠭᠤᠷ ᠤᠨ ᠮᠡᠳᠡᠭᠡ ᠵᠠᠩᠭᠢ ᠶᠢ ᠮᠡᠳᠡᠭᠳᠡᠭᠦ ᠬᠤᠷᠠᠯ ᠠᠴᠠ ᠤᠶᠢᠯᠠᠭᠠᠭᠰᠠᠨ ᠢᠶᠠᠷ᠂ ᠮᠠᠨ ᠤ ᠤᠷᠤᠨ ᠤ ᠤᠳᠤᠬᠠᠨ ᠤ ᠬᠦᠷᠦᠰᠤ ᠰᠢᠷᠤᠢ ᠶᠢᠨ ᠴᠢᠭᠢᠭ ᠤᠨ ᠪᠠᠶᠢᠳᠠᠯ ᠪᠠ ᠴᠠᠭ ᠠᠭᠤᠷ ᠤᠨ ᠨᠦᠬᠦᠴᠡᠯ ᠬᠠᠪᠤᠷ ᠤᠨ ᠲᠠᠷᠢᠶᠠᠯᠠᠭ᠎ᠠ ᠳᠤ ᠠᠰᠢᠭᠲᠠᠢ ᠪᠠᠶᠢᠨ᠎ᠠ᠃   ᠪᠥᠬᠦ ᠣᠷᠣᠨ ᠤ ᠬᠥᠷᠥᠰᠥ ᠰᠢᠷᠣᠶ ᠶᠢᠨ ᠴᠢᠭᠢᠭ ᠤᠨ ᠪᠠᠶᠢᠳᠠᠯ ᠢ ᠬᠢᠨᠠᠨ ᠬᠡᠮᠵᠢᠭᠰᠡᠨ ᠦᠷ᠎ᠡ ᠳ᠋ᠦᠩ ᠠᠴᠠ ᠦᠵᠡᠪᠡᠯ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠲᠥᠷᠥᠯ ᠤᠨ ᠴᠢᠭᠢᠭ ᠲᠠᠢ ᠭᠠᠵᠠᠷ ᠨᠤᠳᠤᠭ ᠤᠨ ᠲᠠᠯᠠᠪᠠᠶ ᠨᠢ ᠲᠣᠰ ᠲᠣᠰ ᠪᠦᠬᠦ ᠤᠷᠤᠨ ᠤ ᠶᠡᠷᠦᠩᠬᠡᠶ ᠲᠠᠯᠠᠪᠠᠶ ᠶᠢᠨ 22.3%᠂ 21.9% ᠪᠠ 55.8% ᠶᠢ ᠡᠵᠡᠯᠡᠵᠦ᠂ ᠡᠭᠦᠨ ᠳᠤ ᠲᠠᠷᠢᠶᠠᠯᠠᠬᠤ ᠣᠷᠣᠨ ᠤ ᠬᠦᠷᠦᠰᠤ ᠰᠢᠷᠤᠢ ᠶᠢᠨ ᠴᠢᠭᠢᠭ ᠤᠨ ᠪᠠᠶᠢᠳᠠᠯ ᠨᠢᠳᠤᠨᠤᠨ ᠤ ᠠᠳᠠᠯᠢ ᠬᠤᠭᠤᠴᠠᠭᠠᠨ ᠤ ᠪᠠᠶᠢᠳᠠᠯ ᠳᠤ ᠣᠶᠢᠷᠠᠳᠴᠤ᠂ ᠥᠩᠭᠡᠷᠡᠭᠰᠡᠨ ᠵᠢᠯ ᠤᠳ ᠤᠨ ᠠᠳᠠᠯᠢ ᠬᠤᠭᠤᠴᠠᠭᠠᠨ ᠤ ᠬᠢ ᠠᠴᠠ ᠰᠠᠶᠢᠨ ᠪᠠᠶᠢᠵᠤ᠂ ᠶᠡᠷᠦᠩᠬᠡᠶ ᠳᠡᠭᠡᠨ ᠬᠠᠪᠤᠷ ᠤᠨ ᠲᠠᠷᠢᠶᠠᠯᠠᠭ᠎ᠠ ᠳᠤ ᠠᠰᠢᠭᠲᠠᠶ ᠪᠠᠶᠢᠨ᠎ᠠ᠃   3 ᠰᠠᠷ᠎ᠠ ᠠᠴᠠ ᠨᠠᠭᠠᠰᠢ᠂ ᠮᠠᠨ ᠤ ᠣᠷᠣᠨ ᠤ ᠳᠤᠯᠠᠭᠠᠨ ᠤ ᠬᠡᠮᠵᠢᠶ᠎ᠠ ᠳᠡᠭᠡᠭᠰᠢᠯᠡᠨ᠂ ᠪᠣᠷᠣᠲᠣᠬᠤᠶ ᠶᠢᠨ ᠤᠰᠤᠯᠠᠯᠲᠠ ᠶᠢᠨ ᠣᠷᠣᠨ ᠤ ᠪᠣᠭᠤᠳᠠᠶ ᠳᠠᠷᠢᠬᠤ ᠠᠵᠢᠯ ᠡᠮᠬᠢ ᠵᠢᠷᠤᠮ ᠲᠠᠢ ᠶᠠᠪᠤᠭᠳᠠᠵᠤ᠂ ᠪᠤᠰᠤᠳ ᠲᠠᠷᠢᠶᠠᠯᠠᠬᠤ ᠣᠷᠣᠨ ᠤ ᠬᠥᠷᠥᠰᠥ ᠰᠢᠷᠣᠶ ᠵᠠᠯᠭᠠᠭ᠎ᠠ ᠪᠠᠷ ᠭᠡᠰᠴᠤ ᠲᠠᠷᠢᠶᠠᠨ ᠭᠠᠵᠠᠷ ᠢ ᠲᠡᠭᠰᠢᠯᠡᠬᠦ ᠱᠠᠲᠤᠨ ᠳᠤ ᠣᠷᠣᠪᠠ᠃ ᠵᠢᠱᠢᠯᠲᠡ ᠪᠠᠷ ᠳᠤᠮᠳᠠ ᠪᠠ ᠵᠡᠭᠦᠨ ᠪᠡᠶ᠎ᠠ ᠶᠢᠨ ᠭᠠᠵᠠᠷ ᠣᠷᠣᠨ ᠤ ᠬᠠᠪᠤᠷ ᠤᠨ ᠪᠣᠭᠤᠳᠠᠶ ᠶᠢ 3 ᠰᠠᠷ᠎ᠠ ᠶᠢᠨ ᠰᠡᠭᠦᠯᠴᠢ ᠠᠴᠠ 4 ᠰᠠᠷ᠎ᠠ ᠶᠢᠨ ᠡᠬᠢᠨ ᠳᠤ ᠡᠬᠢᠯᠡᠨ ᠲᠠᠷᠢᠵᠤ᠂ ᠡᠷᠳᠡᠨᠢ ᠰᠢᠰᠢ᠂ ᠲᠥᠮᠥᠰᠥ ᠪᠠ ᠰᠢᠷ᠎ᠠ ᠪᠤᠷᠴᠠᠭ ᠢ 4 ᠰᠠᠷ᠎ᠠ ᠶᠢᠨ ᠳᠤᠮᠳᠠᠴᠢ ᠪᠠᠷ ᠪᠠᠷᠠᠭᠤᠨ ᠠᠴᠠ ᠵᠡᠭᠦᠨᠰᠢ ᠵᠠᠯᠭᠠᠭ᠎ᠠ ᠪᠠᠷ ᠲᠠᠷᠢᠬᠤ ᠪᠤᠯᠤᠨ᠎ᠠ᠃ ᠮᠠᠯᠵᠢᠬᠤ ᠣᠷᠣᠨ ᠤ ᠬᠥᠷᠥᠰᠥ ᠰᠢᠷᠤᠢ ᠶᠢᠨ ᠴᠢᠭᠢᠭ ᠤᠨ ᠪᠠᠶᠢᠳᠠᠯ ᠨᠢᠳᠤᠨᠤᠨ ᠤ ᠠᠳᠠᠯᠢ ᠬᠤᠭᠤᠴᠠᠭ᠎ᠠ ᠪᠠ ᠥᠩᠭᠡᠷᠡᠭᠰᠡᠨ ᠵᠢᠯ ᠤᠳ ᠤᠨ ᠠᠳᠠᠯᠢ ᠬᠤᠭᠤᠴᠠᠭᠠᠨ ᠤ ᠪᠠᠶᠢᠳᠠᠯ ᠳᠤ ᠣᠶᠢᠷᠠᠳᠴᠤ᠂ ᠣᠶᠢᠷ᠎ᠠ ᠶᠢᠨ ᠬᠤᠭᠤᠴᠠᠭᠠᠨ ᠤ ᠪᠣᠷᠣᠭᠠᠨ ᠴᠠᠰᠤ ᠲᠠᠢ ᠴᠠᠭ ᠠᠭᠤᠷ ᠨᠢ ᠮᠠᠯᠵᠢᠬᠤ ᠣᠷᠣᠨ ᠤ ᠬᠦᠷᠤᠰᠤ ᠰᠢᠷᠤᠢ ᠶᠢᠨ ᠴᠢᠭᠢᠭ ᠢ ᠬᠠᠮᠠᠭᠠᠯᠠᠨ ᠴᠢᠭᠢᠭ ᠢ ᠨᠡᠮᠡᠭᠳᠡᠭᠦᠯᠬᠦ ᠳᠤ ᠠᠰᠢᠭᠲᠠᠶ ᠶᠤᠮ᠃ ᠭᠡᠪᠡᠴᠤ ᠬᠥᠯᠥᠨ ᠪᠤᠶᠢᠷ ᠬᠤᠲᠠ ᠶᠢᠨ ᠬᠤᠶᠢᠲᠤ ᠪᠡᠶ᠎ᠠ ᠶᠢᠨ ᠴᠠᠰᠤᠨ ᠤ ᠬᠡᠮᠵᠢᠶ᠎ᠠ ᠨᠡᠯᠢᠶᠡᠳ ᠶᠡᠭᠡ ᠪᠠᠶᠢᠵᠤ᠂ ᠮᠠᠯ ᠪᠡᠯᠴᠢᠭᠡᠷᠯᠡᠬᠦᠯᠬᠦ᠂ ᠬᠦᠢᠲᠡᠨ ᠢ ᠰᠡᠷᠭᠡᠶᠢᠯᠡᠨ ᠳᠤᠯᠠᠭᠠᠨ ᠢ ᠬᠠᠮᠠᠭᠠᠯᠠᠬᠤ ᠪᠠ ᠲᠥᠯ ᠲᠤᠰᠴᠤ ᠪᠤᠶᠢᠵᠢᠭᠤᠯᠬᠤ ᠳᠤ ᠠᠰᠢᠭ ᠥᠬᠡᠶ ᠨᠥᠯᠥᠭᠡ ᠤᠴᠠᠷᠠᠭᠤᠯᠵᠤ ᠮᠡᠳᠡᠨ᠎ᠠ᠃ ᠣᠳᠣᠬᠠᠨ ᠳᠤ ᠪᠥᠬᠦ ᠣᠷᠣᠨ ᠤ ᠶᠡᠬᠡᠩᠬᠢ ᠮᠠᠯᠵᠢᠬᠤ ᠣᠷᠣᠨ ᠤ ᠡᠪᠡᠰᠦ ᠪᠡᠯᠴᠢᠭᠡᠷ ᠬᠠᠷᠠᠬᠠᠨ ᠨᠣᠭᠤᠭᠠᠷᠠᠭᠠᠳᠤᠶ᠂ ᠵᠢᠱᠢᠯᠲᠡ ᠪᠠᠷ 4 ᠰᠠᠷ᠎ᠠ ᠶᠢᠨ ᠡᠬᠢᠨ ᠠᠴᠠ ᠡᠬᠢᠯᠡᠨ ᠪᠠᠷᠠᠭᠤᠨ ᠠᠴᠠ ᠵᠡᠭᠦᠨᠰᠢ ᠵᠠᠯᠭᠠᠭ᠎ᠠ ᠪᠠᠷ ᠨᠣᠭᠤᠭᠠᠷᠠᠬᠤ ᠪᠤᠯᠤᠨ᠎ᠠ᠃   ᠦᠪᠡᠷᠳᠡᠬᠡᠨ ᠵᠠᠰᠠᠬᠤ ᠤᠷᠤᠨ ᠤ ᠴᠠᠭ ᠠᠭᠤᠷ ᠤᠨ ᠰᠠᠯᠠᠭ᠎ᠠ ᠮᠥᠴᠢᠷ ᠠᠴᠠ᠂ ᠭᠤᠤᠯ ᠪᠤᠯᠬᠤ ᠲᠠᠷᠢᠶᠠᠯᠠᠬᠤ ᠣᠷᠣᠨ ᠤ ᠬᠢᠨ ᠠᠰᠢᠭᠲᠠᠶ ᠴᠠᠭ ᠲᠣᠬᠢᠶᠠᠯ ᠢ ᠠᠮᠵᠢᠵᠤ ᠲᠠᠷᠢᠶᠠᠯᠠᠭ᠎ᠠ ᠶᠢᠨ ᠠᠵᠢᠯ ᠢ ᠢᠳᠡᠪᠬᠢᠲᠡᠶ ᠥᠷᠨᠢᠭᠦᠯᠵᠦ᠂ ᠬᠠᠪᠤᠷ ᠤᠨ ᠲᠠᠷᠢᠶᠠᠯᠠᠭ᠎ᠠ ᠶᠢ ᠲᠣᠭᠲᠠᠭᠰᠠᠨ ᠬᠤᠭᠤᠴᠠᠭᠠᠨ ᠳᠤ ᠶᠠᠪᠤᠭᠳᠠᠭᠤᠯᠬᠤ ᠶᠢ ᠪᠠᠲᠤᠯᠠᠬᠤ ᠴᠢᠬᠤᠯᠠᠳᠠᠢ︔ ᠵᠡᠭᠦᠨ ᠪᠡᠶ᠎ᠠ ᠶᠢᠨ ᠲᠠᠷᠢᠶᠠᠯᠠᠬᠤ ᠣᠷᠣᠨ ᠤ ᠬᠢᠨ ᠬᠥᠷᠥᠰᠥ ᠰᠢᠷᠣᠶ ᠭᠡᠰᠬᠦ ᠬᠡᠮᠵᠢᠶ᠎ᠡ ᠶᠢ ᠠᠩᠬᠠᠷᠴᠤ᠂ ᠬᠠᠪᠤᠷ ᠤᠨ ᠲᠠᠷᠢᠶᠠᠯᠠᠭ᠎ᠠ ᠶᠢᠨ ᠠᠬᠢᠴᠠ ᠶᠢ ᠪᠠᠲᠤᠯᠠᠬᠤ ᠴᠢᠬᠤᠯᠠᠳᠠᠢ︔ ᠳᠤᠮᠳᠠ ᠪᠡᠶ᠎ᠠ ᠶᠢᠨ ᠭᠠᠵᠠᠷ ᠣᠷᠣᠨ ᠳᠤ ᠬᠠᠪᠤᠷ ᠤᠨ ᠤᠯᠠᠷᠢᠯ ᠤᠨ ᠭᠠᠩ ᠬᠠᠭᠰᠠᠷᠠᠭᠠᠨ ᠤ ᠲᠦᠭᠰᠢᠭᠦᠷᠢ ᠨᠡᠯᠢᠶᠡᠳ ᠶᠡᠭᠡ ᠪᠠᠶᠢᠵᠤ᠂ ᠭᠠᠩ ᠬᠠᠭᠰᠠᠷᠠᠭᠠᠨ ᠲᠠᠢ ᠲᠡᠮᠡᠴᠡᠬᠦ ᠪᠡᠯᠡᠳᠭᠡᠯ ᠠᠵᠢᠯ ᠢ ᠤᠷᠢᠳᠴᠢᠯᠠᠨ ᠰᠠᠶᠢᠲᠤᠷ ᠬᠢᠬᠦ ᠴᠢᠬᠤᠯᠠᠳᠠᠢ᠃ ᠮᠠᠯᠵᠢᠬᠤ ᠣᠷᠣᠨ ᠤ ᠬᠢᠨ ᠮᠠᠯ ᠤᠨᠤᠭ᠎ᠠ ᠶᠢᠨ ᠬᠡᠮ ᠬᠢᠵᠢᠭ ᠢ ᠰᠡᠷᠭᠡᠶᠢᠯᠡᠬᠦ ᠪᠠ ᠲᠡᠵᠢᠭᠡᠯ ᠪᠣᠷᠳᠤᠭ᠎ᠠ ᠰᠢᠯᠵᠢᠭᠦᠯᠦᠨ ᠲᠡᠭᠡᠭᠡᠪᠦᠷᠢᠯᠡᠬᠦ ᠵᠡᠷᠭᠡ ᠠᠵᠢᠯ ᠢ ᠤᠷᠢᠳᠴᠢᠯᠠᠨ ᠰᠠᠶᠢᠲᠤᠷ ᠬᠢᠬᠦ ᠴᠢᠬᠤᠯᠠᠳᠠᠢ ᠬᠡᠮᠡᠨ ᠰᠠᠨᠠᠭᠤᠯᠵᠤ ᠪᠠᠶᠢᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号