ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠲᠦᠷᠦᠭᠦᠭᠡᠨ ᠬᠥᠬᠡᠬᠤᠲᠠ ᠳᠤ ︽ᠠᠵᠢᠯ | ᠣᠯᠭᠤᠬᠤ ᠪᠠ ᠦᠢᠯᠡᠰ ᠪᠤᠰᠬᠠᠬᠤ ᠰᠢᠭᠤᠳ ᠨᠡᠪᠲᠡᠷᠡᠬᠦ ᠲᠡᠷᠭᠡ︾ ᠶᠢᠨ ᠠᠵᠢᠯᠯᠠᠭ᠎ᠠ ᠦᠷᠨᠢᠭᠦᠯᠵᠦ᠂ ᠦᠢᠯᠡᠰ | ᠪᠤᠰᠬᠠᠬᠤ ᠲᠥᠷᠥᠯ ᠵᠦᠢᠯ ᠪᠠ ᠠᠵᠢᠯᠲᠠᠨ ᠡᠯᠰᠡᠬᠦ ᠠᠵᠢᠯ ᠤᠨ ᠪᠠᠶᠢᠷᠢ ᠨᠢ ᠠᠵᠢᠯ ᠡᠷᠢᠭᠰᠡᠳ ᠤᠨ ᠬᠠᠯᠠᠭᠤᠨ | ᠶᠠᠷᠢᠯᠴᠠᠭ᠎ᠠ ᠪᠤᠯᠤᠨ᠎ᠠ᠃ | ᠠᠵᠢᠯᠯᠠᠭ᠎ᠠ ᠳᠤ᠂ ᠦᠢᠯᠡᠰ ᠪᠤᠰᠬᠠᠬᠤ ᠰᠠᠨᠠᠮᠵᠢ ᠪᠠ ᠠᠵᠢᠯ ᠣᠯᠬᠤ ᠬᠡᠷᠡᠭᠴᠡᠭᠡ ᠱᠠᠭᠠᠷᠳᠠᠯᠭ᠎ᠠ ᠲᠠᠢ ᠠᠵᠢᠯ | ᠣᠯᠣᠭᠠᠳᠤᠢ ᠵᠠᠯᠠᠭᠤ ᠠᠵᠢᠯᠲᠠᠨ ᠠᠵᠢᠯᠴᠢᠨ᠂ ᠬᠦᠴᠢᠷᠳᠡᠯ ᠲᠠᠢ ᠠᠵᠢᠯᠲᠠᠨ ᠠᠵᠢᠯᠴᠢᠨ ᠤ ᠭᠡᠷ ᠪᠦᠯᠢ ᠶᠢᠨ | ᠪᠦᠷᠢᠯᠳᠦᠭᠦᠨ᠂ ᠠᠵᠢᠯ ᠤᠨ ᠪᠠᠶᠢᠷᠢ ᠰᠣᠯᠢᠵᠤ ᠠᠵᠢᠯ ᠤᠨ ᠪᠠᠶᠢᠷᠢ ᠬᠦᠯᠢᠶᠡᠵᠦ ᠪᠠᠶᠢᠭ᠎ᠠ ᠠᠵᠢᠯᠲᠠᠨ ᠠᠵᠢᠯᠴᠢᠨ ᠪᠠ | ᠰᠢᠨ᠎ᠡ ᠠᠵᠢᠯ ᠣᠯᠭᠤᠯᠲᠠ ᠶᠢᠨ ᠬᠡᠯᠪᠡᠷᠢ ᠶᠢᠨ ᠬᠥᠳᠡᠯᠮᠦᠷᠢᠴᠢᠳ ᠢ ᠵᠣᠬᠢᠶᠠᠨ ᠪᠠᠶᠢᠭᠤᠯᠵᠤ᠂ ᠠᠵᠢᠯᠲᠠᠨ | ᠠᠵᠢᠯᠴᠢᠨ ᠤ ᠠᠵᠢᠯ ᠣᠯᠭᠤᠵᠤ ᠦᠢᠯᠡᠰ ᠪᠤᠰᠬᠠᠬᠤ ᠪᠤᠯᠪᠠᠰᠤᠷᠠᠯ ᠤᠨ ᠰᠠᠭᠤᠷᠢᠨ ᠤ ᠶᠡᠷᠦᠩᠬᠡᠢ ᠬᠡᠯᠲᠡᠰ᠂ ᠠᠵᠢᠯᠲᠠᠨ | ᠠᠵᠢᠯᠴᠢᠨ ᠤ ᠠᠵᠢᠯ ᠣᠯᠭᠤᠵᠤ ᠦᠢᠯᠡᠰ ᠪᠤᠰᠬᠠᠬᠤ ᠪᠤᠯᠪᠠᠰᠤᠷᠠᠯ ᠤᠨ ᠰᠠᠭᠤᠷᠢᠨ ᠤ ᠠᠮᠵᠢᠯᠲᠠ ᠲᠠᠢ ᠲᠥᠷᠥᠯ | ᠵᠦᠢᠯ ᠤᠨ ᠴᠡᠭ᠂ ᠥᠪᠥᠷ ᠮᠣᠩᠭᠤᠯ ᠤᠨ ᠬᠤᠳᠠᠯᠳᠤᠭ᠎ᠠ ᠵᠢᠭᠤᠯᠴᠢᠯᠠᠯ ᠤᠨ ᠰᠢᠭᠤᠳ ᠨᠡᠪᠲᠡᠷᠡᠭᠦᠯᠭᠡ ᠶᠢᠨ | ᠡᠯᠧᠺᠳ᠋ᠷᠣᠨ ᠬᠤᠳᠠᠯᠳᠤᠭᠠᠨ ᠤ ᠰᠠᠭᠤᠷᠢᠨ᠂ ᠪᠡᠶᠡᠴᠢᠯᠡᠨ ᠤᠶᠢᠯᠠᠭᠠᠬᠤ ᠰᠢᠨ᠎ᠡ ᠶᠢ ᠡᠭᠦᠳᠦᠨ ᠦᠢᠯᠡᠰ ᠪᠤᠰᠬᠠᠬᠤ | ᠰᠠᠭᠤᠷᠢᠨ ᠢᠶᠠᠷ ᠬᠦᠨᠵᠡᠭᠡᠶᠢᠷᠡᠭᠦᠯᠵᠦ᠂ ᠦᠢᠯᠡᠰ ᠪᠤᠰᠬᠠᠬᠤ ᠲᠦᠷᠦᠯ ᠵᠦᠢᠯ ᠢ ᠤᠶᠢᠯᠠᠭᠠᠭᠤᠯᠤᠨ᠂ ᠲᠤᠬᠠᠢ ᠶᠢᠨ | ᠭᠠᠵᠠᠷ ᠲᠤᠨᠢ ᠲᠣᠭᠤᠷᠢᠨ ᠦᠵᠡᠵᠦ᠂ ᠲᠤᠬᠠᠢ ᠶᠢᠨ ᠭᠠᠵᠠᠷ ᠲᠤᠨᠢ ᠵᠥᠪᠳᠡᠯᠴᠡᠨ ᠶᠠᠷᠢᠯᠴᠠᠵᠤ᠂ ᠠᠵᠤ ᠠᠬᠤᠶᠢᠯᠠᠯ ᠤᠨ | ᠦᠢᠯᠡᠳᠪᠦᠷᠢᠯᠡᠯ ᠠᠮᠢᠳᠤᠷᠠᠯ ᠤᠨ ᠣᠷᠴᠢᠨ ᠲᠣᠭᠤᠷᠢᠨ ᠵᠢᠴᠢ ᠠᠵᠢᠯᠴᠢᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ | ᠪᠡᠶᠡᠴᠢᠯᠡᠨ ᠣᠶᠢᠯᠠᠭᠠᠵᠤ᠂ ᠬᠥᠮᠥᠨ ᠪᠠ ᠠᠵᠢᠯ ᠤᠨ ᠪᠠᠶᠢᠷᠢ ᠶᠢ ᠲᠦᠷᠭᠡᠨ ᠪᠥᠭᠡᠳ ᠨᠠᠷᠢᠯᠢᠭ ᠣᠨᠣᠴᠠᠲᠠᠢ ᠪᠠᠷ | ᠵᠣᠯᠭᠠᠭᠤᠯᠬᠤ ᠶᠢ ᠠᠬᠢᠭᠤᠯᠪᠠ᠃ | ᠤᠯᠠᠨ ᠢᠶᠠᠷ ᠢᠶᠠᠨ᠂ ᠡᠯ᠎ᠡ ᠰᠠᠭᠤᠷᠢᠨ ᠤ ᠬᠠᠷᠢᠭᠤᠴᠠᠯᠭᠠᠲᠠᠨ ᠲᠠᠢ ᠢᠳᠡᠪᠬᠢᠲᠡᠢ ᠪᠠᠷ ᠰᠠᠨᠠᠯ ᠢᠶᠠᠨ ᠰᠣᠯᠢᠯᠴᠠᠵᠤ᠂ ᠨᠡᠩ | ᠤᠯᠠᠨ ᠦᠢᠯᠡᠰ ᠪᠣᠰᠬᠠᠬᠤ ᠠᠵᠠ ᠲᠣᠬᠢᠶᠠᠯ ᠪᠣᠯᠣᠨ ᠰᠣᠩᠭᠤᠯᠲᠠ ᠶᠢ ᠣᠶᠢᠯᠠᠭᠠᠵᠤ᠂ ᠲᠤᠰ ᠤᠳᠠᠭ᠎ᠠ ᠶᠢᠨ | ᠠᠵᠢᠯᠯᠠᠭ᠎ᠠ ᠳᠤ ᠣᠷᠣᠯᠴᠠᠭᠠᠳ ᠬᠠᠷᠠᠭ᠎ᠠ ᠪᠠᠨ ᠨᠡᠭᠡᠭᠡᠵᠦ᠂ ᠠᠵᠢᠯ ᠤᠯᠵᠦ ᠦᠢᠯᠡᠰ ᠪᠤᠰᠬᠠᠬᠤ ᠪᠠᠶᠢᠳᠠᠯ ᠢ | ᠪᠠᠶᠡᠴᠢᠯᠡᠨ ᠤᠶᠢᠯᠠᠭᠠᠵᠦ᠂ ᠮᠠᠰᠢ ᠤᠯᠠᠨ ᠰᠦᠢᠳᠬᠡᠯ ᠬᠤᠷᠢᠶᠠᠬᠤ ᠦᠭᠡᠢ ᠦᠢᠯᠡᠰ ᠪᠣᠰᠬᠠᠬᠤ ᠦᠢᠯᠡᠴᠢᠯᠡᠭᠡᠨ ᠤ | ᠠᠭᠤᠯᠭ᠎ᠠ ᠶᠢ ᠣᠶᠢᠯᠠᠭᠠᠵᠠᠢ ᠬᠡᠵᠦ ᠢᠯᠡᠳᠬᠡᠵᠡᠭᠡᠪᠡ᠃ |