ᠲᠦᠷᠦᠬᠦᠭᠡᠨ ᠰᠤᠷᠪᠤᠯᠵᠢᠯᠠᠭᠴᠢ ᠦᠪᠡᠷᠳᠡᠬᠡᠨ ᠵᠠᠰᠠᠬᠤ ᠤᠷᠤᠨ ᠤ ᠡᠳ᠋ ᠤᠨ ᠵᠠᠰᠠᠭ ᠤᠨ ᠲᠢᠩᠬᠢᠮ ᠠᠴᠠ | ᠤᠶᠢᠯᠠᠭᠠᠭᠰᠠᠨ ᠢᠶᠠᠷ᠂ ᠤᠳᠤ ᠪᠤᠯᠳᠠᠯ᠎ᠡ ᠦᠪᠡᠷᠳᠡᠬᠡᠨ ᠵᠠᠰᠠᠬᠤ ᠤᠷᠤᠨ ᠠᠴᠠ ᠲᠦᠪ ᠤᠨ ᠪᠡ ᠤᠷᠤᠨ ᠤ ᠬᠤᠳᠡ | ᠪᠠᠯᠭᠠᠰᠤᠨ ᠤ ᠬᠠᠭᠤᠴᠢᠨ ᠰᠠᠭᠤᠭᠠᠯᠢ ᠠᠷᠠᠳ ᠤᠨ ᠲᠤᠭᠤᠷᠢᠭ ᠢ ᠰᠢᠨᠡᠳᠭᠡᠨ ᠵᠠᠰᠠᠬᠤ ᠪᠡᠯᠡ ᠮᠦᠡᠭᠬᠦ ᠶᠢ 9.3 | ᠳ᠋ᠦᠡᠭᠰᠢᠭᠤᠷ ᠲᠦᠬᠦᠷᠢᠭ ᠪᠠᠭᠤᠯᠭᠠᠵᠤ᠂ 2024 ᠤᠨ ᠤ ᠪᠦᠬᠦ ᠤᠷᠤᠨ ᠤ ᠬᠤᠳᠠ ᠪᠠᠯᠭᠠᠰᠤᠨ ᠤ ᠬᠠᠭᠤᠴᠢᠨ | ᠰᠠᠭᠤᠭᠠᠯᠢ ᠠᠷᠠᠳ ᠤᠨ ᠲᠤᠭᠤᠷᠢᠭ ᠢ ᠰᠢᠨᠡᠳᠭᠡᠨ ᠵᠠᠰᠠᠬᠤ ᠤᠨ ᠤ ᠲᠦᠯᠦᠪᠯᠡᠭᠡ ᠶᠢᠨ ᠡᠬᠦᠷᠬᠡ ᠶᠢ ᠪᠡᠶᠡᠯᠡᠬᠦᠯᠬᠦ ᠳ᠋ᠤ᠋ | ᠬᠡᠷᠡᠭᠯᠡᠵᠤ ᠪᠠᠶᠢᠨ᠎ᠡ᠃ | ᠦᠪᠡᠷᠳᠡᠬᠡᠨ ᠵᠠᠰᠠᠬᠤ ᠤᠷᠤᠨ ᠠᠴᠠ ᠪᠠᠰᠠ ᠬᠤᠲᠠ ᠶᠢᠨ ᠬᠤᠭᠤᠯᠠᠢ ᠶᠢᠨ ᠲᠤᠤᠷ ᠢ ᠰᠢᠨᠡᠳᠬᠡᠬᠦ ᠶᠡᠷᠦᠩᠬᠡᠶᠢᠯᠡᠭᠰᠡᠨ | ᠥᠭᠡᠷᠡᠴᠢᠯᠡᠯᠲᠡ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠤᠨ ᠪᠠᠯᠠ ᠮᠥᠩᠭᠦ ᠶᠢ 2.4 ᠳ᠋ᠦᠩᠰᠢᠭᠤᠷ ᠲᠥᠭᠦᠷᠢᠭ | ᠪᠠᠭᠤᠯᠭᠠᠵᠤ᠂ ᠬᠥᠬᠡᠬᠤᠲᠠ᠂ ᠪᠤᠭᠤᠲᠤ ᠬᠤᠲᠠ᠂ ᠬᠢᠩᠭᠠᠨ ᠠᠶᠢᠮᠠᠭ᠂ ᠲᠦᠩᠯᠢᠶᠣᠤ ᠬᠤᠲᠠ᠂ ᠤᠯᠠᠭᠠᠨᠬᠠᠳᠠ | ᠬᠤᠲᠠ ᠳᠤ ᠢᠯᠴᠢ ᠬᠠᠩᠭᠠᠬᠤ᠂ ᠰᠢᠲᠠᠮᠠᠬᠠᠶ ᠬᠡᠶ᠂ ᠤᠰᠤ ᠬᠠᠩᠭᠠᠬᠤ᠂ ᠤᠰᠤ ᠵᠠᠯᠠᠬᠤ ᠬᠤᠭᠤᠯᠠᠶ ᠶᠢᠨ ᠲᠤᠤᠷ ᠢ | ᠰᠢᠨᠡᠳᠭᠡᠬᠦ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠵᠢᠱᠢᠶ᠎ᠡ ᠦᠵᠡᠭᠦᠯᠬᠦ ᠲᠤᠷᠰᠢᠯᠲᠠ ᠶᠢᠨ ᠴᠡᠭ ᠤᠨ ᠪᠥᠲᠥᠭᠡᠨ | ᠪᠠᠶᠢᠭᠤᠯᠤᠯᠲᠠ ᠶᠢ ᠥᠷᠨᠢᠭᠦᠯᠪᠡ᠃ ᠬᠤᠭᠤᠯᠠᠶ ᠶᠢᠨ ᠲᠣᠤᠷ ᠤᠨ ᠥᠭᠡᠷᠡᠴᠢᠯᠡᠯᠲᠡ ᠶᠢ ᠨᠢᠭᠡᠳᠦᠯᠲᠡᠶ ᠲᠦᠯᠦᠪᠵᠢᠬᠦᠯᠦᠨ | ᠬᠡᠷᠡᠭᠵᠢᠭᠦᠯᠵᠦ᠂ ᠬᠤᠲᠠ ᠶᠢᠨ ᠶᠠᠪᠤᠳᠠᠯ ᠤᠨ ᠬᠤᠭᠤᠯᠠᠶ ᠶᠢᠨ ᠲᠣᠤᠷ᠂ ᠰᠠᠭᠤᠭᠠᠯᠢ ᠠᠷᠠᠳ ᠤᠨ ᠬᠠᠭᠤᠴᠢᠨ | ᠲᠣᠭᠤᠷᠢᠭ ᠤᠨ ᠳᠣᠲᠣᠷᠠᠬᠢ ᠢᠯᠴᠢ ᠬᠠᠩᠭᠠᠬᠤ᠂ ᠰᠢᠲᠠᠮᠠᠬᠠᠶ ᠬᠡᠶ ᠵᠡᠷᠭᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ | ᠠᠬᠢᠭᠤᠯᠤᠨ᠂ ᠰᠢᠨᠡᠳᠬᠡᠵᠤ ᠥᠭᠡᠷᠡᠴᠢᠯᠡᠬᠦ ᠶᠢ ᠪᠦᠲᠦᠮᠵᠢᠲᠡᠶ ᠵᠣᠯᠭᠠᠭᠤᠯᠬᠤ ᠶᠢ ᠪᠡᠶᠡᠯᠡᠭᠦᠯᠵᠦ᠂ ᠰᠠᠭᠤᠷᠢ | ᠲᠦᠬᠦᠬᠡᠷᠤᠮᠵᠢ ᠶᠢᠨ ᠬᠤᠭᠤᠷᠣᠨᠳᠣ ᠪᠠᠨ ᠲᠠᠰ ᠬᠤᠪᠢᠶᠠᠨ ᠪᠠᠶᠢᠷᠢᠰᠢᠭᠤᠯᠬᠤ᠂ ᠨᠢᠭᠲᠠ ᠵᠣᠯᠭᠠᠭᠤᠯᠬᠤ ᠶᠢ ᠠᠬᠢᠭᠤᠯᠪᠠ | ᠃ | ᠡᠨᠡ ᠵᠢᠯ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠲᠥᠰᠦᠪ ᠲᠤ ᠬᠤᠲᠠ ᠶᠢᠨ ᠠᠮᠤᠷ ᠲᠦᠪᠰᠢᠨ ᠤ | ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠪᠠᠯᠠ ᠮᠥᠩᠭᠦ ᠶᠢ 1 ᠳ᠋ᠦᠩᠰᠢᠭᠤᠷ ᠲᠥᠭᠦᠷᠢᠭ ᠳᠣᠭᠢᠷᠠᠭᠤᠯᠵᠤ᠂ | ᠠᠶᠢᠮᠠᠭ ᠬᠤᠲᠠ ᠶᠢᠨ ᠰᠠᠭᠤᠷᠢ ᠲᠦᠬᠦᠬᠡᠷᠤᠮᠵᠢ ᠢᠢᠨ ᠨᠡᠶᠢᠳᠡᠮ ᠪᠠᠶᠢᠴᠠᠭᠠᠯᠲᠠ ᠪᠠ ᠲᠦᠭᠰᠢᠭᠦᠷᠢ ᠶᠢ ᠦᠨᠡᠯᠡᠨ | ᠵᠢᠱᠢᠬᠦ ᠠᠵᠢᠯ ᠥᠷᠨᠢᠭᠦᠯᠬᠦ ᠶᠢ ᠲᠡᠮᠵᠢᠪᠡ᠃ ᠣᠲᠣ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠢ ᠬᠡᠷᠡᠭᠯᠡᠨ | ᠬᠤᠲᠠ ᠶᠢᠨ ᠰᠢᠲᠠᠮᠠᠬᠠᠶ ᠬᠡᠶ᠂ ᠢᠯᠴᠢ ᠶᠢᠨ ᠬᠦᠴᠦᠨ᠂ ᠤᠰᠤ ᠬᠠᠩᠭᠠᠬᠤ ᠤᠰᠤ ᠵᠠᠯᠠᠬᠤ ᠵᠡᠷᠭᠡ ᠰᠠᠭᠤᠷᠢ | ᠲᠦᠬᠦᠬᠡᠷᠤᠮᠵᠢ ᠢᠢᠨ ᠠᠵᠢᠯᠯᠠᠭᠠᠨ ᠤ ᠪᠠᠶᠢᠳᠠᠯ ᠳᠤ ᠴᠠᠭ ᠲᠤᠬᠠᠶ ᠳᠤᠨᠢ ᠬᠢᠨᠠᠨ ᠬᠡᠮᠵᠢᠬᠦ᠂ ᠬᠥᠳᠡᠯᠦᠩᠭᠦᠶ ᠪᠠᠷ | ᠤᠷᠢᠳᠴᠢᠯᠠᠨ ᠰᠡᠷᠡᠮᠵᠢᠯᠡᠭᠦᠯᠬᠦ ᠵᠡᠷᠭᠡ ᠶᠢ ᠪᠡᠶᠡᠯᠡᠭᠦᠯᠵᠦ᠂ ᠲᠦᠭᠰᠢᠭᠦᠷᠢ ᠶᠢᠨ ᠬᠡᠮ ᠰᠤᠭᠤᠭ ᠢ ᠡᠷᠲᠡ ᠠᠴᠠ ᠣᠯᠵᠤ | ᠮᠡᠳᠡᠬᠦ ᠪᠠ ᠬᠠᠮᠢᠶᠠᠷᠤᠨ ᠡᠵᠡᠮᠳᠡᠬᠦ ᠶᠢ ᠴᠢᠩᠭᠠᠳᠬᠠᠪᠠ᠃ ᠥᠪᠡᠷᠲᠡᠭᠡᠨ ᠵᠠᠰᠠᠬᠤ ᠣᠷᠣᠨ ᠤ ᠦᠨᠳᠦᠰᠦᠨ ᠪᠥᠲᠥᠭᠡᠨ | ᠪᠠᠶᠢᠭᠤᠯᠤᠯᠲᠠ ᠶᠢᠨ ᠪᠠᠯᠠ ᠮᠥᠩᠭᠦ ᠠᠴᠠ 4800 ᠲᠦᠮᠡᠨ ᠲᠥᠭᠦᠷᠢᠭ ᠳᠣᠭᠢᠷᠠᠭᠤᠯᠤᠨ ᠢᠯᠴᠢ ᠬᠠᠩᠭᠠᠬᠤ | ᠲᠦᠬᠦᠬᠡᠷᠤᠮᠵᠢ ᠶᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠳᠡᠮᠵᠢᠵᠦ᠂ ᠭᠤᠤᠯᠳᠠᠭᠤ ᠣᠷᠴᠣᠨ ᠤ | ᠥᠪᠡᠷᠲᠡᠭᠡᠨ ᠵᠠᠰᠠᠬᠤ ᠬᠤᠰᠢᠭᠤᠨ ᠤ ᠳ᠋ᠠ ᠶᠠᠩ ᠱᠦ ᠪᠠᠯᠭᠠᠰᠤᠨ ᠤ 2023 ᠣᠨ ᠤ ᠢᠯᠴᠢ ᠬᠠᠩᠭᠠᠬᠤ ᠲᠤᠨᠤᠭ | ᠲᠥᠬᠦᠭᠡᠷᠦᠮᠵᠢ ᠶᠢ ᠲᠠᠰ ᠳᠡᠪᠰᠢᠭᠦᠯᠦᠨ ᠥᠭᠡᠷᠡᠴᠢᠯᠡᠬᠦ ᠵᠢᠴᠢ ᠠᠯᠠᠱᠠ ᠠᠶᠢᠮᠠᠭ ᠵᠡᠷᠭᠡ ᠬᠠᠮᠢᠶ᠎ᠠ ᠪᠥᠬᠦᠶ ᠬᠤᠲᠠ ᠶᠢᠨ | ᠶᠠᠪᠤᠳᠠᠯ ᠤᠨ ᠰᠠᠭᠤᠷᠢ ᠲᠦᠬᠦᠬᠡᠷᠤᠮᠵᠢ ᠶᠢᠨ ᠥᠭᠡᠷᠡᠴᠢᠯᠡᠯᠲᠡ ᠶᠢᠨ ᠲᠥᠷᠥᠯ ᠵᠦᠢᠯ ᠢ ᠰᠢᠢᠳᠪᠦᠷᠢᠯᠡᠵᠦ᠂ ᠣᠯᠠᠨ | ᠲᠦᠮᠡᠨ ᠤ ᠬᠠᠯᠠᠭᠤᠨ ᠳᠤᠯᠠᠭᠠᠨ ᠡᠪᠦᠯᠵᠢᠬᠦ ᠶᠢ ᠦᠨᠡᠨ ᠬᠦ ᠪᠠᠳᠤᠯᠠᠬᠤ ᠪᠠᠷ ᠪᠤᠢ᠃ | ᠳᠠᠷᠠᠭᠠᠴᠢ ᠪᠠᠷ᠂ ᠥᠪᠡᠷᠲᠡᠭᠡᠨ ᠵᠠᠰᠠᠬᠤ ᠣᠷᠣᠨ ᠠᠴᠠ ᠨᠥᠬᠦᠴᠡᠯ ᠳᠤ ᠨᠡᠶᠢᠴᠡᠬᠦ ᠲᠥᠷᠥᠯ ᠵᠦᠢᠯ ᠢ ᠣᠷᠣᠨ | ᠨᠤᠲᠤᠭ ᠤᠨ ᠵᠠᠰᠠᠭ ᠤᠨ ᠣᠷᠳᠣᠨ ᠤ ᠲᠤᠰᠬᠠᠶ ᠵᠢᠭᠡᠯᠡᠯᠭᠡ ᠶᠢᠨ ᠲᠡᠮᠳᠡᠭᠲᠦ ᠶᠢᠨ ᠳᠡᠮᠵᠢᠬᠦ ᠬᠡᠪᠴᠢᠶᠡᠨ ᠳᠤ | ᠣᠷᠣᠭᠤᠯᠵᠤ᠂ ᠪᠠᠯᠠ ᠮᠥᠩᠭᠦ ᠴᠤᠭᠯᠠᠭᠤᠯᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠬᠤᠭᠤᠯᠠᠶ ᠶᠢᠨ | ᠲᠣᠤᠷ ᠢ ᠰᠡᠯᠪᠢᠨ ᠵᠠᠰᠠᠬᠤ᠂ ᠠᠷᠠᠴᠢᠯᠠᠨ ᠬᠠᠮᠠᠭᠠᠯᠠᠬᠤ᠂ ᠰᠢᠨᠡᠳᠭᠡᠬᠦ ᠪᠠᠯᠠ ᠮᠥᠩᠭᠦ ᠶᠢᠨ ᠱᠠᠩᠨᠠᠵᠤ ᠨᠥᠬᠦᠪᠥᠷᠢᠯᠡᠬᠦ | ᠲᠥᠷᠥ ᠶᠢᠨ ᠪᠣᠳᠣᠯᠭ᠎ᠠ ᠶᠢ ᠰᠦᠪᠡᠭᠴᠢᠯᠡᠨ ᠪᠠᠶᠢᠭᠤᠯᠵᠤ᠂ ᠡᠯ᠎ᠡ ᠠᠶᠢᠮᠠᠭ ᠬᠤᠲᠠ ᠶᠢᠨ ᠥᠭᠡᠷᠡᠴᠢᠯᠡᠬᠦ ᠬᠡᠪᠴᠢᠶ᠎ᠡ ᠪᠠ | ᠪᠡᠶᠡᠯᠡᠭᠦᠯᠦᠭᠰᠡᠨ ᠪᠠᠶᠢᠳᠠᠯ ᠢ ᠦᠨᠳᠦᠰᠦᠯᠡᠨ ᠨᠥᠬᠦᠪᠥᠷᠢ ᠤᠯᠭᠤᠬᠤ ᠪᠠᠷ ᠪᠤᠢ᠃ ᠡᠬᠦᠨ ᠤ ᠬᠠᠮᠳᠤ᠂ ᠪᠥᠬᠦ ᠣᠷᠣᠨ ᠤ | ᠭᠠᠵᠠᠷ ᠳᠣᠤᠷᠠᠬᠢ ᠬᠤᠭᠤᠯᠠᠶ ᠶᠢᠨ ᠲᠣᠤᠷ ᠤᠨ ᠪᠥᠲᠥᠭᠡᠨ ᠪᠠᠶᠢᠭᠤᠯᠤᠯᠲᠠ ᠶᠢᠨ ᠥᠭᠡᠷᠡᠴᠢᠯᠡᠯᠲᠡ ᠵᠡᠷᠭᠡ ᠲᠥᠷᠥᠯ | ᠵᠦᠢᠯ ᠤᠨ ᠨᠥᠭᠡᠴᠡᠯᠡᠬᠦ ᠠᠵᠢᠯ ᠢ ᠰᠠᠶᠢᠲᠤᠷ ᠬᠢᠵᠦ᠂ ᠲᠥᠪ ᠤᠨ ᠦᠨᠳᠦᠰᠦᠨ ᠪᠥᠲᠥᠭᠡᠨ ᠪᠠᠶᠢᠭᠤᠯᠤᠯᠲᠠ ᠶᠢᠨ ᠪᠠᠯᠠ | ᠣᠷᠣᠭᠤᠯᠤᠯᠲᠠ ᠵᠡᠷᠭᠡ ᠪᠠᠯᠠ ᠮᠥᠩᠭᠦ ᠶᠢᠨ ᠳᠡᠮᠵᠢᠯᠭᠡ ᠶᠢ ᠢᠳᠡᠪᠬᠢᠲᠡᠶ ᠴᠢᠷᠮᠠᠶᠢᠨ ᠣᠯᠵᠤ᠂ ᠥᠪᠡᠷᠲᠡᠭᠡᠨ ᠵᠠᠰᠠᠬᠤ | ᠣᠷᠣᠨ ᠤ ᠢᠨᠵᠧᠨᠧᠷᠢᠩ ᠤᠨ ᠤᠷᠤᠭᠰᠢᠲᠠᠶ ᠬᠡᠷᠡᠭᠵᠢᠭᠦᠯᠦᠭᠳᠡᠬᠦ ᠶᠢ ᠠᠬᠢᠭᠤᠯᠬᠤ ᠪᠤᠯᠤᠨ᠎ᠡ᠃ |