2023 ᠣᠨ ᠳᠤ ᠮᠠᠨ ᠤ ᠤᠷᠤᠨ ᠤ ᠮᠠᠯᠵᠢᠬᠤ ᠲᠠᠷᠢᠶᠠᠯᠠᠬᠤ ᠣᠷᠣᠨ ᠤ 7 ᠲᠦᠮᠨ ᠭᠠᠷᠤᠢ ᠬᠥᠳᠡᠯᠮᠦᠷᠢ ᠬᠦᠴᠦᠨ ᠳᠤ ᠠᠵᠢᠯ ᠣᠯᠭᠤᠵᠠᠢ
ᠨᠡᠶᠢᠲᠡᠯᠡᠭᠰᠡᠨ ᠴᠠᠭ᠄
2024/4/2
   2023 ᠣᠨ ᠳᠤ ᠪᠡᠭᠡᠵᠢᠩ ᠥᠪᠥᠷ ᠮᠣᠩᠭᠤᠯ ᠬᠤᠶᠠᠷ ᠭᠠᠵᠠᠷ ᠤᠨ ᠬᠢᠨ ᠬᠥᠳᠡᠯᠮᠦᠷᠢ ᠦᠢᠯᠡᠴᠢᠯᠡᠭᠡᠨ ᠤ ᠬᠠᠮᠵᠢᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠮᠠᠯᠵᠢᠬᠤ ᠲᠠᠷᠢᠶᠠᠯᠠᠬᠤ ᠣᠷᠣᠨ ᠤ ᠬᠥᠮᠦᠨ ᠠᠮᠠ ᠶᠢᠨ ᠲᠣᠭᠲᠠᠭᠤᠨ ᠢᠶᠠᠷ ᠠᠵᠢᠯ ᠤᠯᠬᠤ ᠶᠢ ᠠᠬᠢᠭᠤᠯᠵᠦ᠂ ᠮᠠᠨ ᠤ ᠤᠷᠤᠨ ᠤ ᠮᠠᠯᠵᠢᠬᠤ ᠲᠠᠷᠢᠶᠠᠯᠠᠬᠤ ᠣᠷᠣᠨ ᠤ 7.08 ᠲᠦᠮᠡᠨ ᠬᠥᠳᠡᠯᠮᠦᠷᠢ ᠬᠦᠴᠦᠨ ᠳᠤ ᠠᠵᠢᠯ ᠣᠯᠭᠤᠵᠤ᠂ ᠪᠡᠭᠡᠵᠢᠩ ᠥᠪᠥᠷ ᠮᠣᠩᠭᠤᠯ ᠤᠨ ᠬᠥᠳᠡᠯᠮᠦᠷᠢ ᠦᠢᠯᠡᠴᠢᠯᠡᠭᠡᠨ ᠤ ᠬᠠᠮᠵᠢᠯᠴᠠᠭᠠᠨ ᠤ ᠬᠡᠯᠡᠯᠴᠡᠭᠡᠷ ᠤᠨ ᠡᠭᠦᠷᠭᠡ ᠪᠠᠨ 1.42 ᠳᠠᠬᠢᠨ ᠢᠶᠠᠷ ᠪᠡᠶᠡᠯᠡᠭᠦᠯᠵᠤ᠂ ᠡᠭᠦᠨ ᠳᠤ 5.61 ᠲᠦᠮᠡᠨ ᠬᠥᠮᠦᠨ ᠢ ᠶᠠᠳᠠᠭᠤ ᠠᠴᠠ ᠠᠩᠭᠢᠵᠢᠷᠠᠭᠤᠯᠤᠨ᠂ ᠬᠡᠯᠡᠯᠴᠡᠭᠡᠷ ᠤᠨ ᠡᠭᠦᠷᠭᠡ ᠪᠠᠨ 11.22 ᠳᠠᠬᠢᠨ ᠢᠶᠠᠷ ᠪᠡᠶᠡᠯᠡᠭᠦᠯᠪᠡ᠃   ᠲᠨᠨᠢᠯᠴᠠᠭᠤᠯᠭ᠎ᠠ ᠶᠢ ᠦᠨᠲᠤᠰᠤᠯᠠᠪᠠᠯ᠂ 2023 ᠣᠨ ᠳᠤ᠂ ᠪᠡᠭᠡᠵᠢᠩ ᠥᠪᠥᠷ ᠮᠣᠩᠭᠤᠯ ᠬᠤᠶᠠᠷ ᠭᠠᠵᠠᠷ ᠤᠨ ᠬᠢᠨ ᠪᠡᠭᠡᠵᠢᠩ ᠤᠨ ᠵᠠᠬ᠎ᠠ ᠳᠡᠯᠭᠡᠭᠦᠷ ᠢ ᠭᠦᠢᠴᠡᠳ ᠠᠰᠢᠭᠯᠠᠠ᠂ ᠠᠵᠢᠯ ᠤᠨ ᠪᠠᠶᠢᠷᠢ ᠶᠢᠨ ᠬᠠᠩᠭᠠᠯᠭ᠎ᠠ ᠶᠢ ᠴᠢᠩᠭᠠᠳᠬᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ ᠬᠦᠴᠦᠨ ᠤ ᠠᠵᠢᠯ ᠤᠯᠭᠤᠯᠳᠠ ᠶᠢ ᠠᠬᠢᠭᠤᠯᠵᠠᠢ᠃ ︽ᠠᠤᠬᠠᠨ ᠤ ᠤᠲᠠᠰᠤ ᠲᠠᠲᠠᠬᠤ ᠠᠵᠢᠯᠴᠢᠨ︾᠂ ︽ᠬᠠᠮᠤᠭ ᠤᠨ ᠭᠤᠶᠣ ᠬᠡᠦᠬᠡᠳ ᠥᠰᠭᠡᠭᠴᠢ︾᠂ ︽ᠠᠲᠠᠯ ᠠᠬᠤᠢ ᠶᠢᠨ ᠲᠣᠭᠤᠭᠠᠴᠢ︾ ᠵᠡᠷᠭᠡ ᠨᠢᠭᠡ ᠪᠦᠯᠦᠭ ᠠᠵᠢᠯ ᠣᠯᠭᠤᠯᠲᠠ ᠶᠢᠨ ᠵᠠᠭᠪᠤᠷ ᠪᠠ ᠬᠥᠳᠡᠯᠮᠦᠷᠢ ᠦᠢᠯᠡᠴᠢᠯᠡᠭᠡᠨ ᠤ ᠨᠠᠷᠠᠲᠤ ᠲᠡᠮᠳᠡᠭ ᠴᠣᠯᠭᠤᠷᠠᠨ ᠭᠠᠷᠴᠤ᠂ ᠨᠡᠶᠢᠰᠯᠡᠯ ᠬᠤᠲᠠ ᠳᠤ ᠨᠡᠷ᠎ᠡ ᠠᠯᠳᠠᠷᠰᠢᠵᠠᠢ᠃ ︽ᠤᠷᠢᠬᠠᠨ ᠰᠠᠯᠬᠢᠨ ᠤ ᠠᠵᠢᠯᠯᠠᠭ᠎ᠠ︾᠂ ︽ᠪᠡᠭᠡᠵᠢᠩ ᠥᠪᠥᠷ ᠮᠣᠩᠭᠤᠯ ᠤᠨ ᠬᠥᠳᠡᠯᠮᠦᠷᠢ ᠦᠢᠯᠡᠴᠢᠯᠡᠭᠡᠨ ᠤ ᠬᠠᠮᠵᠢᠯᠴᠠᠭ᠎ᠠ ᠶᠢᠨ ᠲᠤᠰᠬᠠᠶ ᠲᠠᠯᠠᠪᠠᠢ ᠤᠷᠢᠨ ᠡᠯᠰᠡᠬᠦ ᠴᠤᠭᠯᠠᠭᠠᠨ︾ ᠵᠡᠷᠭᠡ ᠲᠤᠰᠬᠠᠶ ᠠᠵᠢᠯᠯᠠᠭ᠎ᠠ ᠶᠢ ᠦᠷᠭᠦᠯᠵᠢᠯᠡᠨ ᠵᠣᠬᠢᠶᠠᠨ ᠪᠠᠶᠢᠭᠤᠯᠤᠨ ᠥᠷᠨᠢᠭᠦᠯᠵᠦ᠂ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠨᠥᠬᠦᠪᠥᠷᠢ ᠥᠭᠬᠦ᠂ ᠠᠵᠢᠯ ᠬᠥᠳᠡᠯᠮᠦᠷᠢ ᠬᠢᠵᠦ ᠱᠠᠩᠨᠠᠨ ᠨᠥᠬᠦᠪᠥᠷᠢᠯᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠮᠠᠨ ᠤ ᠤᠷᠤᠨ ᠤ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢ ᠪᠡᠭᠡᠵᠢᠩ ᠵᠢᠴᠢ ᠪᠤᠰᠤᠳ ᠬᠥᠭᠵᠢᠭᠰᠡᠨ ᠮᠤᠵᠢ ᠬᠤᠲᠠ ᠳᠤ ᠰᠢᠯᠵᠢᠭᠦᠯᠦᠨ ᠠᠵᠢᠯ ᠣᠯᠭᠤᠬᠤ ᠶᠢ ᠠᠬᠢᠭᠤᠯᠵᠠᠢ᠃ 2023 ᠣᠨ ᠳᠤ ᠮᠠᠨ ᠤ ᠣᠷᠣᠨ ᠤ 4021 ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ ᠬᠦᠴᠦᠨ ᠪᠡᠭᠡᠵᠢᠩ ᠳᠤ ᠠᠵᠢᠯ ᠣᠯᠵᠤ᠂ ᠬᠡᠯᠡᠯᠴᠡᠭᠡᠷ ᠤᠨ ᠡᠭᠦᠷᠭᠡ ᠪᠠᠨ 2 ᠳᠠᠬᠢᠨ ᠢᠶᠠᠷ ᠪᠡᠶᠡᠯᠡᠭᠦᠯᠪᠡ᠂ ᠡᠭᠦᠨ ᠳᠤ 2687 ᠬᠥᠮᠦᠨ ᠠᠮᠠ ᠶᠢ ᠶᠠᠳᠠᠭᠤ ᠠᠴᠠ ᠠᠩᠭᠢᠵᠢᠷᠠᠭᠤᠯᠵᠤ᠂ ᠬᠡᠯᠡᠯᠴᠡᠭᠡᠷ ᠤᠨ ᠡᠭᠦᠷᠭᠡ ᠪᠠᠨ 2.69 ᠳᠠᠬᠢᠨ ᠢᠶᠠᠷ ᠪᠡᠶᠡᠯᠡᠭᠦᠯᠵᠠᠢ︔ ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ ᠬᠦᠴᠦᠨ ᠤ 6.54 ᠲᠦᠮᠡᠨ ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠡᠭᠦᠨ ᠳᠤ 5.34 ᠲᠦᠮᠡᠨ ᠬᠥᠮᠦᠨ ᠢ ᠶᠠᠳᠠᠭᠤ ᠠᠴᠠ ᠠᠩᠭᠢᠵᠢᠷᠠᠭᠤᠯᠪᠠ᠃   ᠡᠭᠦᠨ ᠤ ᠬᠠᠮᠲᠤ᠂ ᠪᠡᠭᠡᠵᠢᠩ ᠤᠨ ᠪᠣᠯᠪᠠᠰᠤᠷᠠᠯ ᠬᠥᠮᠦᠵᠢᠯ ᠤᠨ ᠡᠬᠢ ᠪᠠᠶᠠᠯᠢᠭ ᠤᠨ ᠳᠠᠪᠠᠭᠤᠯᠢᠭ ᠢ ᠠᠰᠢᠭᠯᠠᠨ᠂ ᠡᠯ᠎ᠡ ᠭᠠᠵᠠᠷ ᠤᠨ ᠭᠤᠤᠯᠯᠠᠬᠤ ᠠᠵᠤ ᠦᠢᠯᠡᠰ ᠤᠨ ᠲᠣᠭᠤᠷᠢᠨ ᠳᠤ᠂ ᠪᠣᠯᠪᠠᠰᠤᠷᠠᠯ ᠤᠨ ᠵᠠᠭᠪᠤᠷ ᠤᠨ ᠰᠢᠨ᠎ᠡ ᠶᠢ ᠡᠭᠦᠳᠴᠦ᠂ ᠰᠦᠯᠵᠢᠶᠡᠨ ᠳᠡᠭᠡᠷᠡᠬᠢ ᠪᠣᠯᠪᠠᠰᠤᠷᠠᠯ ᠪᠠ ᠲᠣᠭᠲᠠᠭᠰᠠᠨ ᠴᠡᠭ ᠤᠨ ᠪᠣᠯᠪᠠᠰᠤᠷᠠᠯ ᠢ ᠬᠡᠷᠡᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ ᠬᠦᠴᠦᠨ ᠤ ᠠᠵᠢᠯ ᠤᠯᠬᠤ ᠴᠢᠳᠠᠪᠤᠷᠢ ᠶᠢ ᠳᠡᠭᠡᠭᠰᠢᠯᠡᠭᠦᠯᠵᠠᠢ᠃ 2023 ᠣᠨ ᠳᠤ ᠬᠥᠳᠡᠯᠮᠦᠷᠢ ᠦᠢᠯᠡᠴᠢᠯᠡᠭᠡᠨ ᠤ ᠬᠠᠮᠵᠢᠯᠴᠠᠬᠤ ᠪᠣᠯᠪᠠᠰᠤᠷᠠᠯ ᠤᠨ ᠠᠩᠭᠢ ᠶᠢ ᠨᠡᠶᠢᠲᠡ 285 ᠬᠤᠭᠤᠴᠠᠭ᠎ᠠ ᠡᠷᠭᠢᠯᠡᠵᠦ᠂ ᠬᠥᠳᠡᠭᠡ ᠲᠣᠰᠬᠤᠨ ᠤ ᠬᠥᠳᠡᠯᠮᠦᠷᠢ ᠬᠦᠴᠦᠨ ᠢ 14643 ᠬᠥᠮᠦᠨ ᠤᠳᠠᠭ᠎ᠠ ᠪᠣᠯᠪᠠᠰᠤᠷᠠᠭᠤᠯᠵᠠᠢ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号