ᠵᠠᠩ ᠶᠠᠨ ᠺᠦᠨ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ | 4 ᠰᠠᠷ᠎ᠠ ᠶᠢᠨ 1 ᠤ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ | ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ 28 ᠳ᠋ᠤᠭᠠᠷ ᠤᠳᠠᠭ᠎ᠠ ᠶᠢᠨ | ᠲᠡᠷᠢᠭᠦᠯᠡᠭᠴᠢᠳ ᠤᠨ ᠬᠤᠷᠠᠯ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ | ᠲᠡᠷᠢᠭᠦᠯᠡᠭᠴᠢ ᠵᠠᠩ ᠶᠠᠨ ᠺᠦᠨ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ ᠥᠪᠡᠷᠲᠡᠭᠡᠨ ᠵᠠᠰᠠᠬᠤ | ᠣᠷᠣᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠦᠸᠧ ᡁᠢ ᠬᠤ᠋᠂ ᠴᠡᠴᠡᠭ᠂ ᠸᠧᠢ ᠭᠦᠸᠧ | ᠨᠠᠨ᠂ ᠵᠠᠩ ᠯᠸᠢ᠂ ᠰᠦᠨ ᠵᠢᠶᠦ᠋ᠨ ᠴᠢᠩ ᠬᠤᠷᠠᠯ ᠳᠤ ᠣᠷᠣᠯᠴᠠᠵᠠᠢ᠃ | ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ | ᠬᠤᠷᠢᠶ᠎ᠠ ᠶᠢᠨ 2024 ᠣᠨ ᠤ ᠠᠵᠢᠯ ᠤᠨ ᠭᠤᠤᠯᠳᠠᠯᠭ᠎ᠠ ᠪᠣᠯᠤᠨ ᠣᠨ ᠤ ᠵᠥᠪᠯᠡᠯᠭᠡ ᠬᠢᠵᠦ ᠪᠠᠶᠢᠴᠠᠭᠠᠨ | ᠰᠤᠳᠤᠯᠬᠤ᠂ ᠪᠠᠶᠢᠴᠠᠭᠠᠨ ᠦᠵᠡᠵᠦ ᠰᠢᠨᠵᠢᠯᠡᠨ ᠪᠠᠶᠢᠴᠠᠭᠠᠬᠤ᠂ ᠡᠲᠡᠭᠡᠳ ᠢᠯᠭᠠᠯ ᠤᠨ ᠠᠵᠢᠯᠯᠠᠭ᠎ᠠ ᠶᠢᠨ | ᠲᠣᠬᠢᠷᠠᠭᠤᠯᠤᠯᠲᠠ ᠶᠢ ᠬᠢᠨᠠᠨ ᠵᠥᠪᠯᠡᠪᠡ᠃ | ᠬᠤᠷᠠᠯ ᠠᠴᠠ᠂ ᠡᠯ᠎ᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠲᠠᠢ ᠪᠠᠨ ᠤᠶᠠᠯᠳᠤᠭᠤᠯᠤᠨ ᠥᠪᠡᠷᠲᠡᠭᠡᠨ | ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶ᠎ᠠ ᠶᠢᠨ 2024 ᠣᠨ ᠤ ᠠᠵᠢᠯ ᠤᠨ | ᠭᠤᠤᠯᠳᠠᠯᠭ᠎ᠠ ᠶᠢ ᠵᠦᠢᠯ ᠵᠤᠷᠪᠤᠰ ᠳᠠᠷᠠᠭᠠᠯᠠᠨ ᠨᠠᠶᠢᠳᠠᠪᠤᠷᠢᠵᠢᠭᠤᠯᠵᠤ᠂ ᠠᠵᠢᠯ ᠤᠨ ᠲᠥᠰᠦᠯ ᠢᠶᠠᠨ ᠨᠠᠷᠢᠨ ᠬᠢᠨᠠᠮᠠᠭᠠᠶ | ᠲᠣᠭᠲᠠᠭᠠᠵᠤ᠂ ᠡᠯ᠎ᠡ ᠵᠦᠢᠯ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠠᠵᠢᠯᠯᠠᠭ᠎ᠠ ᠶᠢ ᠯᠠᠪᠳᠠᠭᠤᠨ | ᠪᠠᠲᠤᠲᠠᠶ ᠰᠠᠶᠢᠲᠤᠷ ᠵᠣᠬᠢᠶᠠᠨ ᠪᠠᠶᠢᠭᠤᠯᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠭᠤᠤᠯ ᠠᠵᠢᠯ ᠲᠠᠢ ᠤᠶᠠᠯᠳᠤᠭᠤᠯᠤᠨ ᠣᠨ ᠤ ᠪᠠᠶᠢᠴᠠᠭᠠᠨ ᠰᠤᠳᠤᠯᠬᠤ ᠠᠵᠢᠯᠯᠠᠭ᠎ᠠ ᠶᠢ ᠨᠠᠷᠢᠨ ᠨᠢᠮᠪᠠᠶ ᠲᠦᠰᠦᠪᠯᠡᠨ | ᠤᠬᠠᠭᠠᠯᠠᠵᠤ᠂ ᠨᠢᠭᠡᠳᠦᠯᠲᠡᠶ ᠲᠥᠯᠥᠪᠵᠢᠭᠦᠯᠦᠨ ᠲᠣᠬᠢᠷᠠᠭᠤᠯᠵᠤ᠂ ᠨᠢᠭᠡ ᠯᠡ ᠳᠡᠭᠡᠷ᠎ᠡ ᠣᠪᠣᠭᠠᠷᠠᠯᠳᠤᠨ ᠪᠠᠶᠢᠴᠠᠭᠠᠨ | ᠰᠤᠳᠤᠯᠤᠯᠲᠠ ᠬᠢᠬᠦ ᠶᠢ ᠰᠡᠷᠭᠡᠶᠢᠯᠡᠨ᠂ ᠬᠡᠯᠪᠡᠷᠢᠴᠢ ᠦᠵᠡᠯ ᠠᠴᠠ ᠵᠠᠶᠢᠯᠠᠰᠭᠢᠵᠦ᠂ ᠦᠨᠳᠦᠰᠦᠨ ᠱᠠᠲᠤᠨ ᠤ | ᠳᠠᠷᠤᠭᠠᠰᠤ ᠶᠢ ᠦᠨᠡᠨ ᠬᠦ ᠬᠥᠩᠭᠡᠷᠡᠭᠦᠯᠬᠦ ᠬᠡᠷᠡᠭᠲᠡᠶ᠃ ᠡᠯ᠎ᠡ ᠲᠥᠷᠥᠯ ᠤᠨ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠭᠡᠬᠦ ᠠᠵᠢᠯᠯᠠᠭ᠎ᠠ ᠳᠤ ᠬᠠᠨᠳᠤᠯᠭᠠᠳᠤ ᠴᠢᠨᠠᠷ᠂ ᠪᠣᠳᠠᠲᠤ ᠦᠷ᠎ᠡ ᠪᠦᠳᠦᠮᠵᠢᠳᠦ ᠴᠢᠨᠠᠷ ᠢ ᠳᠣᠪᠤᠶᠢᠯᠭᠠᠵᠤ᠂ | ᠪᠣᠳᠠᠲᠠᠶ᠂ ᠦᠨᠡᠨ᠂ ᠬᠡᠷᠡᠭᠵᠢᠭᠦᠯᠵᠦ ᠪᠣᠯᠬᠤᠶᠢᠴᠠ ᠰᠠᠨᠠᠭᠤᠯᠭ᠎ᠠ ᠳᠤᠷᠠᠳᠴᠤ᠂ ᠲᠤᠰᠢᠶᠠᠯ ᠬᠠᠷᠢᠭᠤᠴᠠᠯᠭ᠎ᠠ ᠪᠠᠨ | ᠴᠢᠨᠠᠷ ᠰᠠᠶᠢᠲᠠᠶ ᠭᠦᠢᠴᠡᠳᠭᠡᠭᠰᠡᠨ ᠦᠷ᠎ᠡ ᠪᠦᠲᠦᠭᠡᠯ ᠤᠯᠬᠤ ᠶᠢ ᠪᠠᠲᠤᠯᠠᠬᠤ ᠬᠡᠷᠡᠭᠲᠡᠶ ᠭᠡᠵᠦ ᠵᠢᠭᠠᠵᠤ ᠭᠠᠷᠭᠠᠪᠠ᠃ |