ᠪᠠᠶᠠᠨᠨᠠᠭᠤᠷ ᠰᠤᠮᠤ ︽ᠬᠥᠮᠦᠨ ᠪᠦᠬᠦᠨ ᠦᠨᠡᠨᠴᠢ ᠢᠲᠡᠭᠡᠮᠵᠢ ᠶᠢ ᠡᠷᠬᠢᠮᠯᠡᠬᠦ ᠶᠠᠪᠤᠳᠠᠯ ᠪᠣᠯᠭᠠᠨ ᠳᠤ ᠢᠲᠡᠭᠡᠮᠵᠢ ᠶᠢ ᠪᠠᠷᠢᠮᠲᠠᠯᠠᠬᠤ︾ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/22
   ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠪᠠᠬᠢᠵᠢᠭᠦᠯᠦᠨ ᠴᠢᠩᠭᠠᠳᠬᠠᠵᠤ᠂ ᠥᠷᠭᠡᠨ ᠣᠯᠠᠨ ᠮᠠᠯᠴᠢᠨ ᠲᠠᠷᠢᠶᠠᠴᠢᠨ ᠤ ᠦᠨᠡᠨᠴᠢ ᠢᠲᠡᠭᠡᠮᠵᠢ ᠶᠢᠨ ᠤᠬᠠᠮᠰᠠᠷ ᠢ ᠴᠢᠩᠭᠠᠷᠠᠭᠤᠯᠤᠨ᠂ ᠦᠨᠡᠨᠴᠢ ᠢᠲᠡᠭᠡᠮᠵᠢᠲᠡᠢ ᠰᠠᠶᠢᠨ ᠰᠠᠶᠢᠬᠠᠨ ᠨᠡᠶᠢᠭᠡᠮ ᠤᠨ ᠬᠡᠪ ᠰᠤᠷᠲᠠᠯ ᠢ ᠪᠣᠢ ᠪᠣᠯᠭᠠᠬᠤ ᠶᠢᠨ ᠲᠥᠯᠥᠭᠡ᠂ 4 ᠰᠠᠷ᠎ᠠ ᠶᠢᠨ 18᠎ ᠤ ᠡᠳᠦᠷ᠂ ᠪᠠᠶᠠᠨᠨᠠᠭᠤᠷ ᠰᠤᠮᠤ ︽ᠬᠥᠮᠦᠨ ᠪᠦᠬᠦᠨ ᠦᠨᠡᠨᠴᠢ ᠢᠲᠡᠭᠡᠮᠵᠢ ᠶᠢ ᠡᠷᠬᠢᠮᠯᠡᠬᠦ ᠶᠠᠪᠤᠳᠠᠯ ᠪᠣᠯᠭᠠᠨ ᠳᠤ ᠢᠲᠡᠭᠡᠮᠵᠢ ᠶᠢ ᠰᠠᠬᠢᠬᠤ︾᠎ ᠪᠠᠷ ᠭᠤᠣᠯ ᠰᠡᠳᠦᠪ ᠪᠣᠯᠭᠠᠭᠰᠠᠨ ᠦᠨᠡᠨᠴᠢ ᠢᠲᠡᠭᠡᠮᠵᠢ ᠶᠢᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃    ᠠᠵᠢᠯᠯᠠᠭ᠎ᠠ ᠶᠢᠨ ᠳᠤᠮᠳᠠ᠂ ᠰᠠᠶᠢᠨ ᠳᠤᠷ᠎ᠠ ᠶᠢᠨ ᠦᠢᠯᠡᠴᠢᠯᠡᠭᠴᠢᠳ ᠲᠥᠪᠯᠡᠷᠡᠭᠦᠯᠦᠨ ᠤᠬᠠᠭᠤᠯᠤᠨ ᠲᠠᠶᠢᠯᠪᠤᠷᠢᠯᠠᠬᠤ᠂ ᠡᠷᠦᠬᠡ ᠳᠤ ᠣᠷᠣᠵᠤ ᠤᠬᠠᠭᠤᠯᠬᠤ᠂ ᠦᠨᠡᠨᠴᠢ ᠢᠲᠡᠭᠡᠮᠵᠢ ᠶᠢᠨ ᠰᠠᠨᠠᠭᠠᠴᠢᠯᠠᠭ᠎ᠠ ᠶᠢᠨ ᠪᠢᠴᠢᠭ ᠲᠠᠷᠬᠠᠭᠠᠬᠤ᠂ ᠲᠤᠬᠠᠢ ᠶᠢᠨ ᠲᠠᠯᠠᠪᠤᠷ ᠲᠤ ᠮᠠᠳᠠᠭ ᠲᠠᠢ ᠠᠰᠠᠭᠤᠳᠠᠯ ᠳᠤ ᠬᠠᠷᠢᠭᠤᠯᠲᠠ ᠥᠭᠬᠦ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠣᠯᠠᠨ ᠲᠦᠮᠡᠨ ᠳᠤ ᠦᠨᠡᠨᠴᠢ ᠢᠲᠡᠭᠡᠮᠵᠢ ᠶᠢᠨ ᠣᠶᠢᠯᠠᠭᠠᠭᠳᠠᠬᠤᠨ ᠢ ᠤᠬᠠᠭᠤᠯᠵᠤ᠂ ᠺᠠᠳ᠋ᠷ ᠢ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ᠂ ᠲᠥᠷᠥ ᠶᠢᠨ ᠪᠣᠳᠣᠯᠭ᠎ᠠ ᠶᠢ ᠵᠢᠷᠤᠮᠯᠠᠬᠤ᠂ ᠦᠨᠡᠨᠴᠢ ᠢᠲᠡᠭᠡᠮᠵᠢ ᠲᠠᠢ ᠪᠠᠶᠢᠬᠤ ᠶᠢ ᠴᠢᠬᠤᠯᠠᠴᠢᠯᠠᠬᠤ᠂ ᠦᠨᠡᠨᠴᠢ ᠰᠢᠳᠤᠷᠭᠤ ᠪᠠᠷ ᠬᠥᠮᠦᠨ ᠪᠣᠯᠬᠤ᠂ ᠦᠨᠡᠨᠴᠢ ᠢᠲᠡᠭᠡᠮᠵᠢ ᠲᠠᠢ ᠪᠣᠯᠪᠠᠰᠤᠨ ᠬᠥᠮᠦᠨ ᠪᠣᠯᠬᠤ ᠪᠠᠷ ᠴᠢᠷᠮᠠᠶᠢᠬᠤ ᠬᠡᠷᠡᠭᠲᠡᠢ ᠭᠡᠵᠦ ᠱᠠᠭᠠᠷᠳᠠᠪᠠ᠃ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠲᠣᠰᠬᠤᠨ ᠤ ᠳᠦᠷᠢᠮ ᠠᠷᠠᠳ ᠤᠨ ᠭᠡᠷ᠎ᠡ ᠶᠢ ᠵᠢᠷᠤᠮᠯᠠᠭᠤᠯᠵᠤ᠂ ᠠᠶᠢᠯ ᠲᠣᠰᠬᠤᠨ ᠤ ᠣᠷᠴᠢᠨ ᠲᠣᠭᠤᠷᠢᠨ ᠤ ᠡᠮᠬᠢ ᠳᠢᠭᠯᠢᠮ ᠢ ᠬᠠᠮᠲᠤᠪᠠᠷ ᠬᠠᠮᠠᠭᠠᠯᠠᠵᠤ᠂ ᠬᠥᠷᠰᠢ ᠵᠡᠷᠭᠡᠯᠡᠳᠡᠭᠡ ᠶᠢᠨ ᠬᠤᠭᠤᠷᠣᠨᠳᠣ ᠪᠠᠨ ᠬᠠᠷᠢᠯᠴᠠᠨ ᠬᠦᠨᠳᠦᠳᠬᠡᠨ ᠬᠠᠶᠢᠷᠠᠯᠠᠵᠤ᠂ ᠬᠠᠷᠢᠯᠴᠠᠨ ᠬᠠᠪᠰᠤᠷᠤᠯᠴᠠᠵᠤ᠂ ᠬᠠᠷᠢᠯᠴᠠᠨ ᠳᠠᠷᠤᠤ ᠬᠢᠴᠢᠶᠡᠩᠭᠦᠢ ᠪᠠᠷ ᠨᠠᠶᠢᠷ ᠲᠠᠯᠪᠢᠵᠤ᠂ ᠡᠶ᠎ᠡ ᠨᠠᠶᠢᠷᠲᠠᠢ ᠪᠠᠷ ᠬᠠᠮᠲᠤ ᠣᠷᠣᠰᠢᠬᠤ ᠶᠢ ᠬᠥᠲᠥᠯᠥᠨ ᠵᠢᠯᠣᠭᠤᠳᠴᠤ᠂ ᠬᠥᠷᠰᠢ ᠵᠡᠷᠭᠡᠯᠡᠳᠡᠭᠡ ᠶᠢᠨ ᠬᠠᠷᠢᠴᠠᠭ᠎ᠠ ᠶᠢ ᠰᠠᠨᠠᠭᠠᠴᠢᠯᠠᠭ᠎ᠠ ᠠᠴᠠ ᠪᠠᠨ ᠵᠣᠬᠢᠴᠠᠭᠤᠯᠵᠤ᠂ ᠬᠥᠷᠰᠢ ᠵᠡᠷᠭᠡᠯᠡᠳᠡᠭᠡ ᠶᠢᠨ ᠵᠥᠷᠢᠴᠡᠯ ᠢ ᠡᠶᠡᠳᠡᠭᠦᠯᠵᠦ᠂ ᠬᠦᠴᠢᠷᠳᠡᠯᠲᠡᠢ ᠣᠯᠠᠨ ᠲᠦᠮᠡᠨ ᠪᠣᠯᠤᠨ ᠪᠠᠭᠤᠷᠠᠶᠢᠴᠤᠤᠯ ᠢ ᠢᠳᠡᠪᠬᠢᠲᠡᠢ ᠪᠠᠷ ᠬᠠᠪᠰᠤᠷᠬᠤ ᠬᠡᠷᠡᠭᠲᠡᠢ᠃    ︽ᠦᠨᠡᠨᠴᠢ ᠢᠲᠡᠭᠡᠮᠵᠢᠲᠡᠢ ᠪᠠᠶᠢᠬᠤ ᠪᠣᠯ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠠᠶᠢᠬᠠᠨ ᠵᠠᠩ ᠰᠤᠷᠲᠠᠯ ᠮᠥᠨ᠂ ᠣᠳᠣᠬᠠᠨ ᠳᠤ ᠨᠡᠶᠢᠭᠡᠮ ᠤᠨ ᠬᠢᠨ ᠶᠠᠭᠤ ᠬᠢᠭᠰᠡᠨ ᠴᠦ ᠴᠥᠮ ᠦᠨᠡᠨᠴᠢ ᠢᠲᠡᠭᠡᠮᠵᠢᠲᠡᠢ ᠪᠠᠶᠢᠬᠤ ᠶᠢ ᠡᠷᠬᠢᠮᠯᠡᠵᠦ᠂ ᠡᠳᠦᠷ ᠲᠤᠲᠤᠮ ᠤᠨ ᠠᠮᠢᠳᠤᠷᠠᠯ ᠤᠨ ᠳᠤᠮᠳᠠ ᠵᠢᠭᠡᠯᠡᠯᠭᠡ ᠵᠢᠭᠡᠯᠡᠪᠡᠯ ᠴᠠᠭ ᠲᠤᠬᠠᠢ ᠳᠤᠨᠢ ᠳᠥᠯᠥᠵᠦ᠂ ᠢᠮᠠᠭᠠᠨ ᠨᠣᠯᠤᠤᠷ ᠬᠤᠳᠠᠯᠳᠤᠬᠤ ᠳᠤ ᠪᠤᠰᠤᠳ ᠵᠦᠢᠯ ᠤᠨ ᠶᠠᠭᠤᠮ᠎ᠠ ᠬᠤᠯᠢᠬᠤ ᠦᠭᠡᠢ᠂ ᠬᠥᠷᠰᠢ ᠵᠡᠷᠭᠡᠯᠡᠳᠡᠭᠡ ᠶᠢᠨ ᠬᠤᠭᠤᠷᠣᠨᠳᠣ ᠡᠶ᠎ᠡ ᠵᠣᠬᠢᠴᠠᠯ ᠲᠠᠢ ᠦᠨᠡᠨᠴᠢ ᠢᠲᠡᠭᠡᠮᠵᠢᠲᠡᠢ ᠪᠠᠶᠢᠵᠤ᠂ ᠲᠣᠰᠬᠤᠨ ᠤ ᠳᠦᠷᠢᠮ ᠠᠷᠠᠳ ᠤᠨ ᠭᠡᠷ᠎ᠡ ᠶᠢ ᠵᠢᠷᠤᠮᠯᠠᠪᠠᠯ ᠰᠠᠶ᠋ᠢ ᠠᠷᠠᠳ ᠢᠷᠭᠡᠨ ᠪᠣᠯᠤᠨ᠎ᠠ᠃    ᠪᠠᠶᠠᠨᠨᠠᠭᠤᠷ ᠰᠤᠮᠤ ᠡᠯ᠎ᠡ ᠭᠠᠴᠠᠭ᠎ᠠ ᠶᠢ ᠵᠣᠬᠢᠶᠠᠨ ᠪᠠᠶᠢᠭᠤᠯᠵᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠬᠤᠪᠢ ᠲᠡᠮᠳᠡᠭᠯᠡᠬᠦ ᠳᠦᠷᠢᠮ ᠳᠤ ᠣᠷᠣᠭᠤᠯᠵᠤ᠂ ᠰᠢᠯᠢᠳᠡᠭ ᠢᠯᠡᠷᠡᠯ ᠲᠠᠢ ᠬᠤᠪᠢ ᠬᠥᠮᠦᠨ ᠳᠤ ᠬᠤᠪᠢ ᠨᠡᠮᠡᠵᠦ ᠱᠠᠩᠨᠠᠨ ᠬᠥᠬᠢᠭᠦᠯᠵᠦ᠂ ᠪᠣᠯᠪᠠᠰᠤᠨ ᠪᠤᠰᠤ ᠦᠢᠯᠡ ᠠᠵᠢᠯᠯᠠᠭ᠎ᠠ ᠳᠤ ᠬᠤᠪᠢ ᠨᠡᠮᠡᠵᠦ ᠵᠠᠯᠬᠠᠭᠠᠨ ᠴᠡᠭᠡᠷᠯᠡᠭᠦᠯᠵᠦ᠂ ᠲᠣᠰᠬᠤᠨ ᠤ ᠠᠷᠠᠳ ᠤᠨ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ ᠳᠡᠷᠭᠡᠳᠡᠬᠢ ᠪᠠᠭ᠎ᠠ ᠶᠠᠪᠤᠳᠠᠯ ᠠᠴᠠ ᠡᠬᠢᠯᠡᠨ ᠬᠢᠵᠦ᠂ ᠦᠨᠡᠨᠴᠢ ᠢᠲᠡᠭᠡᠮᠵᠢ ᠲᠠᠢ ᠲᠣᠰᠬᠤᠨ ᠤ ᠠᠷᠠᠳ ᠪᠣᠯᠬᠤ ᠪᠠᠷ ᠴᠢᠷᠮᠠᠶᠢᠵᠤ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠬᠠᠮᠲᠤ ᠪᠠᠷ ᠪᠦᠲᠦᠭᠡᠨ ᠪᠠᠶᠢᠭᠤᠯᠬᠤ ᠶᠢ ᠵᠣᠷᠢᠭᠵᠢᠭᠤᠯᠪᠠ᠃    ᠦᠨᠡᠨᠴᠢ ᠢᠲᠡᠭᠡᠮᠵᠢ ᠶᠢᠨ ᠤᠬᠠᠭᠤᠯᠤᠨ ᠲᠠᠶᠢᠯᠪᠤᠷᠢᠯᠠᠬᠤ ᠰᠢᠷᠢᠰ ᠠᠵᠢᠯᠯᠠᠭ᠎ᠠ ᠪᠠᠷ ᠳᠠᠮᠵᠢᠭᠤᠯᠤᠨ᠂ ᠪᠠᠶᠠᠨᠨᠠᠭᠤᠷ ᠰᠤᠮᠤ ᠦᠨᠡᠨᠴᠢ ᠢᠲᠡᠭᠡᠮᠵᠢ ᠶᠢᠨ ᠣᠶᠢᠯᠠᠭᠠᠭᠳᠠᠬᠤᠨ ᠢ ᠤᠯᠠᠮ ᠨᠢᠭᠡ ᠠᠯᠬᠤᠮ ᠤᠯᠠᠮᠵᠢᠯᠠᠵᠤ᠂ ᠦᠨᠡᠨᠴᠢ ᠢᠲᠡᠭᠡᠮᠵᠢ ᠶᠢᠨ ᠵᠣᠷᠢᠭ ᠰᠠᠨᠠᠭ᠎ᠠ ᠶᠢ ᠪᠠᠳᠠᠷᠠᠭᠤᠯᠤᠨ᠂ ︽ᠦᠨᠡᠨᠴᠢ ᠢᠲᠡᠭᠡᠮᠵᠢ ᠶᠢᠨ ᠵᠢᠷᠤᠮᠵᠢᠯ ᠢ ᠦᠢᠯᠡᠳᠦᠯᠭᠡᠵᠢᠭᠦᠯᠦᠨ ᠰᠠᠶᠢᠨ ᠰᠠᠶᠢᠬᠠᠨ ᠶᠣᠰᠣ ᠮᠣᠷᠠᠯ ᠢ ᠪᠣᠢ ᠪᠣᠯᠭᠠᠬᠤ︾ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠢ ᠪᠣᠯᠭᠠᠪᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号