ᠪᠠᠶᠠᠨᠬᠤᠰᠢᠭᠤ ᠪᠠᠯᠭᠠᠰᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠮᠡᠳᠡᠯᠭᠡ ᠶᠢᠨ ᠰᠢᠯᠭᠠᠯᠲᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/22
   ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠪᠦᠬᠦ ᠲᠠᠯ᠎ᠠ ᠪᠠᠷ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠢ ᠪᠣᠯᠭᠠᠬᠤ ᠦᠵᠡᠯ ᠰᠠᠨᠠᠭᠠᠨ ᠤ ᠰᠠᠭᠤᠷᠢ ᠶᠢ ᠲᠠᠰᠤᠷᠠᠯᠲᠠ ᠥᠬᠡᠶ ᠪᠠᠲᠤᠳᠬᠠᠬᠤ ᠶᠢᠨ ᠲᠥᠯᠥᠭᠡ ᠶᠤᠮ᠃ 4 ᠰᠠᠷ᠎ᠠ ᠶᠢᠨ 19᠎ ᠤ ᠡᠳᠦᠷ᠂ ᠪᠠᠶᠠᠨᠬᠤᠰᠢᠭᠤ ᠪᠠᠯᠭᠠᠰᠤ ᠺᠠᠳ᠋ᠷ ᠠᠵᠢᠯᠲᠠᠨ ᠠᠵᠢᠯᠴᠢᠨ᠂ ᠡᠯ᠎ᠡ ᠭᠠᠴᠠᠭᠠᠨ ᠤ ᠨᠠᠮ ᠤᠨ ᠡᠭᠦᠷ ᠤᠨ ᠱᠦᠵᠢ᠂ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢ ᠵᠣᠬᠢᠶᠠᠨ ᠪᠠᠶᠢᠭᠤᠯᠵᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠮᠡᠳᠡᠯᠭᠡ ᠶᠢᠨ ᠰᠢᠯᠭᠠᠯᠲᠠ ᠳᠤ ᠣᠷᠣᠯᠴᠠᠭᠤᠯᠪᠠ᠃    ᠲᠤᠰ ᠤᠳᠠᠭᠠᠨ ᠤ ᠰᠢᠯᠭᠠᠯᠲᠠ ᠨᠢ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠢ ᠪᠣᠯᠭᠠᠬᠤ︾ ᠭᠤᠣᠯ ᠰᠡᠳᠦᠪ ᠲᠠᠢ ᠨᠢᠭᠲᠠ ᠤᠶᠠᠯᠳᠤᠭᠤᠯᠤᠨ᠂ ᠰᠢᠯᠭᠠᠯᠲᠠ ᠶᠢᠨ ᠬᠠᠭᠤᠳᠠᠰᠤ ᠶᠢ ᠬᠠᠭᠠᠵᠤ ᠰᠡᠳᠦᠪ ᠬᠠᠷᠢᠭᠤᠯᠬᠤ ᠠᠷᠭ᠎ᠠ ᠮᠠᠶ᠋ᠢᠭ ᠢ ᠠᠪᠴᠤ᠂ ᠭᠤᠣᠯᠳᠠᠭᠤ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ᠂ ᠦᠨᠳᠦᠰᠦᠲᠡᠨ ᠤ ᠠᠵᠢᠯ ᠤᠨ ᠰᠢᠨ᠎ᠡ ᠶᠢ ᠡᠭᠦᠳᠬᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠢ ᠪᠣᠯᠭᠠᠬᠤ ᠮᠡᠳᠡᠯᠭᠡ ᠵᠡᠷᠭᠡ ᠬᠠᠮᠢᠶ᠎ᠠ ᠪᠦᠬᠦᠢ ᠠᠭᠤᠯᠭ᠎ᠠ ᠶᠢᠨ ᠪᠠᠶᠢᠳᠠᠯ ᠢ ᠰᠢᠯᠭᠠᠨ ᠪᠠᠶᠢᠴᠠᠭᠠᠪᠠ᠃ ᠰᠢᠯᠭᠠᠯᠲᠠ ᠪᠠᠷ ᠳᠠᠮᠵᠢᠭᠤᠯᠤᠨ᠂ ᠬᠥᠮᠦᠨ ᠪᠦᠬᠦᠨ ᠮᠡᠳᠡᠵᠦ᠂ ᠬᠥᠮᠦᠨ ᠪᠦᠬᠦᠨ ᠪᠦᠬᠦ ᠤᠯᠤᠰ ᠢ ᠡᠭᠦᠳᠦᠨ ᠪᠠᠶᠢᠭᠤᠯᠬᠤ ᠳᠤ ᠣᠷᠣᠯᠴᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠵᠢᠱᠢᠶ᠎ᠡ ᠦᠵᠡᠭᠦᠯᠬᠦ ᠠᠶᠢᠮᠠᠭ ᠢ ᠪᠠᠲᠤ ᠴᠣᠭᠴᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠤᠯᠠᠮ ᠨᠢᠭᠡ ᠠᠯᠬᠤᠮ ᠪᠣᠢ ᠪᠣᠯᠭᠠᠵᠤ᠂ ︽ᠰᠢᠯᠭᠠᠯᠲᠠ ᠪᠠᠷ ᠰᠤᠷᠤᠯᠴᠠᠯᠭ᠎ᠠ ᠶᠢ ᠠᠬᠢᠭᠤᠯᠬᠤ᠂ ᠰᠢᠯᠭᠠᠯᠲᠠ ᠪᠠᠷ ᠣᠶᠢᠯᠠᠭᠠᠬᠤ ᠶᠢ ᠠᠬᠢᠭᠤᠯᠬᠤ᠂ ᠰᠢᠯᠭᠠᠯᠲᠠ ᠪᠠᠷ ᠬᠡᠷᠡᠭᠵᠢᠭᠦᠯᠬᠦ ᠶᠢ ᠠᠬᠢᠭᠤᠯᠬᠤ︾ ᠵᠣᠷᠢᠯᠭ᠎ᠠ ᠳᠤ ᠬᠦᠷᠪᠡ᠃    ᠪᠠᠶᠠᠨᠬᠤᠰᠢᠭᠤ ᠪᠠᠯᠭᠠᠰᠤ ᠣᠯᠠᠨ ᠬᠡᠯᠪᠡᠷᠢ ᠶᠢᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠶᠢᠨ ᠰᠤᠷᠤᠯᠴᠠᠯᠭ᠎ᠠ ᠬᠥᠮᠦᠵᠢᠯ ᠤᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ᠤᠬᠠᠮᠰᠠᠷ ᠠᠴᠠ ᠪᠠᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠤᠨ ᠦᠢᠯᠡᠳᠦᠯᠭᠡᠵᠢᠭᠦᠯᠦᠭᠴᠢ᠂ ᠠᠬᠢᠭᠤᠯᠤᠭᠴᠢ ᠪᠣᠯᠬᠤ ᠶᠢ ᠬᠥᠲᠥᠯᠥᠨ ᠵᠢᠯᠣᠭᠤᠳᠴᠤ᠂ ᠪᠦᠬᠦ ᠪᠠᠯᠭᠠᠰᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠤᠷᠤᠭᠰᠢᠲᠠᠢ ᠶᠠᠪᠤᠭᠳᠠᠬᠤ ᠶᠢ ᠠᠬᠢᠭᠤᠯᠬᠤ ᠳᠤ ᠰᠦᠷ ᠳᠠᠯᠠᠶᠢᠴᠠᠲᠠᠢ ᠬᠦᠴᠦᠨ ᠢ ᠨᠢᠭᠲᠠᠷᠠᠭᠤᠯᠤᠨ᠎ᠠ᠃   
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号