ᠪᠠᠶᠠᠨᠬᠤᠰᠢᠭᠤ ᠪᠠᠯᠭᠠᠰᠤ ︽ᠵᠢᠷᠭᠤᠭᠠᠨ ᠦᠭᠡ ᠶᠢᠨ ᠪᠣᠳᠠᠲᠤ ᠶᠠᠪᠤᠳᠠᠯ ᠪᠠ ᠶᠣᠰᠣ︾ ᠭᠡᠬᠦ ᠲᠤᠰᠬᠠᠢ ᠰᠡᠳᠦᠪᠲᠦ ᠤᠬᠠᠭᠤᠯᠤᠨ ᠲᠠᠶᠢᠯᠪᠤᠷᠢᠯᠠᠬᠤ ᠬᠤᠷᠠᠯ ᠥᠷᠨᠢᠭᠦᠯᠪᠡ
ᠨᠡᠶᠢᠲᠡᠯᠡᠭᠰᠡᠨ ᠴᠠᠭ᠄
2024/4/22
    ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠪᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠪᠦᠬᠦ ᠪᠠᠯᠭᠠᠰᠤᠨ ᠤ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠢ ᠬᠥᠮᠦᠵᠢᠭᠦᠯᠦᠨ ᠬᠥᠲᠥᠯᠥᠨ ᠵᠢᠯᠣᠭᠤᠳᠴᠤ ᠪᠠᠶᠢᠭᠠᠳ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠣᠯᠠᠨ ᠲᠦᠮᠡᠨ ᠤ ᠲᠤᠬᠠᠢ ᠬᠠᠯᠠᠮᠵᠢᠯᠠᠯ ᠪᠠ ᠬᠦᠰᠡᠯ ᠡᠷᠡᠮᠡᠯᠵᠡᠯ ᠢ ᠨᠡᠩ ᠭᠦᠨᠵᠡᠭᠡᠢ ᠣᠶᠢᠯᠠᠭᠠᠭᠤᠯᠤᠨ ᠮᠡᠳᠡᠷᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠦᠲᠦᠭᠡᠯᠴᠢ ᠬᠦᠴᠦᠨ᠂ ᠨᠢᠭᠲᠠᠷᠠᠯ ᠤᠨ ᠬᠦᠴᠦᠨ ᠪᠠ ᠳᠠᠶᠢᠴᠢᠨ ᠬᠦᠴᠦᠨ ᠢ ᠲᠠᠰᠤᠷᠠᠯᠲᠠ ᠥᠬᠡᠶ ᠴᠢᠩᠭᠠᠷᠠᠭᠤᠯᠤᠨ᠎ᠠ᠃ 4 ᠰᠠᠷ᠎ᠠ ᠶᠢᠨ 19᠎ ᠤ ᠡᠳᠦᠷ᠂ ᠪᠠᠶᠠᠨᠬᠤᠰᠢᠭᠤ ᠪᠠᠯᠭᠠᠰᠤ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠪᠠᠭᠰᠢ ᠶᠢ ᠤᠷᠢᠵᠤ ︽ᠵᠢᠷᠭᠤᠭᠠᠨ ᠦᠭᠡ ᠶᠢᠨ ᠪᠣᠳᠠᠲᠤ ᠶᠠᠪᠤᠳᠠᠯ ᠪᠠ ᠶᠣᠰᠣ︾ ᠭᠡᠬᠦ ᠲᠤᠰᠬᠠᠢ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠥᠷᠨᠢᠭᠦᠯᠪᠡ᠃    ᠤᠬᠠᠭᠤᠯᠤᠨ ᠲᠠᠶᠢᠯᠪᠤᠷᠢᠯᠠᠬᠤ ᠳᠤᠮᠳᠠ᠂ ᠶᠢᠨ ᠰᠡᠷᠭᠦᠯᠡᠩ ᠪᠠᠭᠰᠢ ︽︿ᠵᠢᠷᠭᠤᠭᠠᠨ ᠦᠭᠡ ᠶᠢᠨ ᠪᠣᠳᠠᠲᠤ ᠶᠠᠪᠤᠳᠠᠯ ᠪᠠ ᠶᠣᠰᠣ ᠤᠴᠢᠷ ᠢ ᠭᠦᠨᠵᠡᠭᠡᠢ ᠣᠶᠢᠯᠠᠭᠠᠬᠤ﹀᠎ ᠪᠠᠷ ᠭᠤᠣᠯ ᠰᠡᠳᠦᠪ ᠪᠣᠯᠭᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠭᠵᠢᠯᠲᠡ ᠶᠢᠨ ᠥᠩᠭᠡᠷᠡᠯᠲᠡ ᠵᠢᠴᠢ ᠨᠠᠮ ᠤᠨ ᠲᠥᠪ ᠬᠤᠷᠢᠶᠠᠨ ᠤ ᠬᠠᠯᠠᠮᠵᠢᠯᠠᠯ ᠪᠠ ᠳᠡᠮᠵᠢᠯᠭᠡ ᠳᠣᠣᠷ᠎ᠠ ᠥᠪᠥᠷ ᠮᠣᠩᠭᠤᠯ ᠣᠷᠣᠨ ᠤ ᠣᠯᠤᠭᠰᠠᠨ ᠬᠥᠭᠵᠢᠯᠲᠡ ᠶᠢᠨ ᠠᠮᠵᠢᠯᠲᠠ ᠪᠦᠲᠦᠮᠵᠢ ᠵᠡᠷᠭᠡ ᠠᠭᠤᠯᠭ᠎ᠠ ᠶᠢ ᠨᠠᠷᠢᠨ ᠨᠢᠮᠪᠠᠢ ᠲᠠᠶᠢᠯᠪᠤᠷᠢᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾᠎ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠵᠡᠷᠭᠡ ᠭᠤᠣᠯᠳᠠᠯᠭ᠎ᠠ ᠲᠠᠢ ᠮᠡᠳᠡᠯᠭᠡ ᠶᠢ ᠨᠠᠷᠢᠨ ᠨᠢᠭᠲᠠ ᠲᠠᠶᠢᠯᠪᠤᠷᠢᠯᠠᠪᠠ᠃ ᠣᠯᠠᠨ ᠳᠤ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠣᠯᠠᠨ ᠲᠦᠮᠡᠨ ᠤ ᠲᠤᠬᠠᠢ ᠬᠠᠯᠠᠮᠵᠢᠯᠠᠯ ᠪᠠ ᠬᠦᠰᠡᠯ ᠡᠷᠡᠮᠡᠯᠵᠡᠯ ᠢ ᠨᠡᠩ ᠭᠦᠨᠵᠡᠭᠡᠢ ᠣᠶᠢᠯᠠᠭᠠᠭᠤᠯᠤᠨ ᠮᠡᠳᠡᠷᠡᠭᠦᠯᠵᠦ᠂ ︽ᠵᠢᠷᠭᠤᠭᠠᠨ ᠦᠭᠡ ᠶᠢᠨ ᠪᠣᠳᠠᠲᠤ ᠶᠠᠪᠤᠳᠠᠯ ᠪᠠ ᠶᠣᠰᠣ︾᠎ ᠶᠢᠨ ᠠᠭᠤᠯᠤᠭᠳᠠᠬᠤᠨ ᠨᠡᠩ ᠪᠦᠬᠦ ᠲᠠᠯ᠎ᠠ ᠶᠢᠨ ᠭᠦᠨᠵᠡᠭᠡᠢ ᠲᠠᠨᠢᠯᠲᠠ ᠲᠠᠢ ᠪᠣᠯᠪᠠ᠃    ᠣᠯᠠᠨ ᠢᠶᠠᠷ ᠢᠶᠠᠨ᠂ ᠦᠷᠭᠦᠯᠵᠢᠯᠡᠨ ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠵᠤ᠂ ᠪᠦᠬᠦ ᠰᠡᠳᠬᠢᠯ ᠪᠦᠬᠦ ᠬᠦᠴᠦᠨ ᠢᠶᠠᠷ ᠢᠶᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠬᠤᠶᠠᠷ ᠶᠡᠭᠡ ᠶᠠᠪᠤᠳᠠᠯ︾᠎ ᠢ ᠰᠠᠶᠢᠲᠤᠷ ᠪᠡᠶᠡᠯᠡᠭᠦᠯᠬᠦ ᠶᠢᠨ ᠲᠥᠯᠥᠭᠡ ᠲᠠᠰᠤᠷᠠᠯᠲᠠ ᠦᠭᠡᠢ ᠤᠷᠤᠭᠰᠢᠯᠠᠨ᠎ᠠ ᠭᠡᠵᠦ ᠢᠯᠡᠳᠬᠡᠵᠡᠭᠡᠪᠡ᠃   
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号