ᠳᠥᠷᠥᠯᠵᠢ ᠪᠠᠯᠭᠠᠰᠤ 2024 ᠣᠨ ᠤ ᠬᠠᠪᠤᠷ ᠤᠨ ᠤᠯᠠᠷᠢᠯ ᠤᠨ ᠣᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/22
   4 ᠰᠠᠷ᠎ᠠ ᠶᠢᠨ 18᠎ ᠤ ᠡᠳᠦᠷ᠂ ᠳᠥᠷᠥᠯᠵᠢ ᠪᠠᠯᠭᠠᠰᠤ 2024 ᠣᠨ ᠤ ᠬᠠᠪᠤᠷ ᠤᠨ ᠤᠯᠠᠷᠢᠯ ᠤᠨ ᠣᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ᠃ ᠭᠠᠯ ᠰᠡᠷᠭᠡᠶᠢᠯᠡᠬᠦ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠪᠠᠯᠭᠠᠰᠤᠨ ᠤ ᠳᠡᠳ᠋ ᠳᠠᠷᠤᠭ᠎ᠠ ᠰᠠᠶᠢᠨᠳᠡᠯᠭᠡᠷ ᠡᠷᠬᠢᠯᠡᠪᠡ᠃    ᠬᠤᠷᠠᠯ ᠠᠴᠠ᠂ 2024 ᠣᠨ ᠤ ᠬᠠᠪᠤᠷ ᠤᠨ ᠤᠯᠠᠷᠢᠯ ᠤᠨ ᠣᠢ ᠰᠢᠭᠤᠢ ᠶᠢᠨ ᠭᠠᠯ ᠰᠡᠷᠭᠡᠶᠢᠯᠡᠬᠦ ᠪᠠᠶᠢᠳᠠᠯ ᠮᠥᠨ ᠬᠦ ᠬᠦᠨᠳᠦ ᠨᠣᠴᠢᠲᠠᠢ ᠨᠠᠷᠢᠨ ᠪᠤᠳᠤᠯᠢᠶᠠᠨᠲᠠᠢ ᠪᠠᠶᠢᠨ᠎ᠠ᠃ ᠠᠭᠠᠷ ᠤᠨ ᠳᠤᠯᠠᠭᠠᠨ ᠨᠢ ᠡᠩ ᠤᠨ ᠵᠢᠯ ᠤᠨ ᠠᠳᠠᠯᠢ ᠬᠤᠭᠤᠴᠠᠭᠠᠨ ᠤ ᠬᠢ ᠠᠴᠠ ᠬᠠᠷᠢᠴᠠᠩᠭᠤᠢ ᠥᠨᠳᠥᠷ ᠪᠠᠶᠢᠵᠤ᠂ ᠬᠤᠷ᠎ᠠ ᠲᠤᠨᠳᠠᠰᠤ ᠶᠢᠨ ᠲᠠᠷᠬᠠᠯᠲᠠ ᠨᠢ ᠲᠡᠭᠰᠢ ᠪᠤᠰᠤ᠂ ᠬᠡᠰᠡᠭ ᠭᠠᠵᠠᠷ ᠣᠷᠣᠨ ᠳᠤ ᠴᠠᠭ ᠠᠭᠤᠷ ᠤᠨ ᠭᠠᠩ ᠬᠠᠭᠰᠠᠷᠭᠠᠨ ᠭᠠᠷᠴᠤ ᠮᠡᠳᠡᠨ᠎ᠡ᠃ ᠦᠨᠡᠰᠦ ᠰᠢᠲᠠᠭᠠᠵᠤ ᠪᠣᠷᠳᠣᠭᠤᠷ ᠴᠤᠭᠯᠠᠭᠤᠯᠬᠤ᠂ ᠳᠠᠯᠠᠩ ᠰᠢᠲᠠᠭᠠᠵᠤ ᠠᠲᠠᠷ ᠬᠠᠭᠠᠯᠪᠤᠷᠢᠯᠠᠬᠤ ᠵᠡᠷᠭᠡ ᠲᠠᠷᠢᠶᠠᠯᠠᠩ ᠳᠤ ᠬᠡᠷᠡᠭᠯᠡᠬᠦ ᠶᠠᠪᠤᠳᠠᠯ ᠨᠢ ᠲᠠᠮᠠᠬᠢ ᠲᠠᠲᠠᠬᠤ᠂ ᠰᠢᠷᠠᠬᠤ ᠵᠡᠷᠭᠡ ᠦᠢᠯᠡᠳᠪᠦᠷᠢᠯᠡᠯ ᠤᠨ ᠪᠤᠰᠤ ᠴᠢᠨᠠᠷᠲᠠᠢ ᠭᠠᠯ ᠬᠡᠷᠡᠭᠯᠡᠬᠦ ᠬᠡᠪᠴᠢᠶ᠎ᠡ ᠨᠢ ᠥᠷᠭᠡᠨ᠂ ᠬᠠᠮᠢᠶᠠᠷᠤᠨ ᠡᠵᠡᠮᠳᠡᠬᠦ ᠳᠤ ᠨᠡᠯᠢᠶᠡᠳ ᠬᠦᠴᠢᠷᠲᠡᠢ ᠪᠠᠶᠢᠳᠠᠭ᠃    ᠬᠤᠷᠠᠯ ᠠᠴᠠ᠂ ︽ᠬᠥᠮᠦᠨ ᠢᠶᠠᠷ ᠰᠡᠷᠭᠡᠶᠢᠯᠡᠬᠦ︾ ᠰᠠᠭᠤᠷᠢ᠂ ︽ᠮᠡᠷᠭᠡᠵᠢᠯ ᠢᠶᠠᠷ ᠰᠡᠷᠭᠡᠶᠢᠯᠡᠬᠦ︾ ᠲᠤᠯᠭᠠᠭᠤᠷᠢᠯᠠᠯ ᠂ ︽ᠪᠣᠳᠠᠰ ᠢᠶᠠᠷ ᠰᠡᠷᠭᠡᠶᠢᠯᠡᠬᠦ︾ ᠪᠠᠲᠤᠯᠠᠭ᠎ᠠ ᠪᠣᠯᠤᠨ ᠭᠠᠯ ᠤᠨ ᠪᠠᠶᠢᠳᠠᠯ ᠢ ᠰᠢᠢᠳᠪᠦᠷᠢᠯᠡᠬᠦ ᠵᠠᠩᠭᠢᠯᠠᠭ᠎ᠠ ᠶᠢᠨ ᠠᠵᠢᠯ ᠤᠨ ᠰᠡᠳᠬᠢᠴᠡ ᠶᠢᠨ ᠲᠣᠭᠤᠷᠢᠨ ᠳᠤ᠂ ︽ᠴᠢᠩᠭ᠎ᠠ ᠰᠡᠷᠭᠡᠶᠢᠯᠡᠬᠦ᠂ ᠡᠷᠲᠡ ᠮᠡᠳᠡᠬᠦ᠂ ᠲᠦᠷᠭᠡᠨ ᠰᠢᠢᠳᠪᠦᠷᠢᠯᠡᠬᠦ ︾ ᠪᠣᠳᠠᠲᠠᠢ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠬᠠᠪᠤᠷ ᠤᠨ ᠤᠯᠠᠷᠢᠯ ᠤᠨ ᠣᠢ ᠰᠢᠭᠤᠢ ᠶᠢᠨ ᠭᠠᠯ ᠰᠡᠷᠭᠡᠶᠢᠯᠡᠬᠦ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠡᠷᠡᠰ ᠣᠯᠵᠤ᠂ ᠭᠠᠯ ᠰᠡᠷᠭᠡᠶᠢᠯᠡᠬᠦ ᠪᠠᠶᠢᠳᠠᠯ ᠤᠨ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ᠃ ᠤᠬᠠᠭᠤᠯᠭ᠎ᠠ ᠬᠥᠮᠦᠵᠢᠯ᠂ ᠤᠷᠢᠳᠴᠢᠯᠠᠨ ᠰᠡᠷᠡᠮᠵᠢᠯᠡᠭᠦᠯᠵᠦ ᠳᠠᠭᠠᠬᠤ᠂ ᠳᠠᠯᠳᠠ ᠭᠡᠮ ᠢ ᠵᠢᠭᠰᠠᠭᠠᠨ ᠪᠠᠶᠢᠴᠠᠭᠠᠬᠤ ᠪᠠ ᠭᠠᠯ ᠤᠨ ᠢᠷᠡᠯᠲᠡ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠡᠬᠢ ᠡᠭᠦᠰᠦᠯ ᠠᠴᠠ ᠨᠢ ᠤᠷᠢᠳᠴᠢᠯᠠᠨ ᠰᠡᠷᠭᠡᠶᠢᠯᠡᠬᠦ ᠶᠢ ᠪᠣᠳᠠᠲᠠᠶᠢᠵᠢᠭᠤᠯᠬᠤ ᠬᠡᠷᠡᠭᠲᠡᠢ᠃ ᠡᠳ᠋ ᠪᠣᠳᠠᠰ ᠨᠥᠭᠡᠴᠡᠯᠡᠬᠦ᠂ ᠡᠩᠨᠡᠭᠡᠨ ᠤ ᠪᠠᠶᠢᠭᠤᠯᠤᠯᠲᠠ᠂ ᠭᠠᠯ ᠤᠨ ᠪᠠᠶᠢᠳᠠᠯ ᠢ ᠰᠢᠢᠳᠪᠦᠷᠢᠯᠡᠬᠦ ᠪᠠ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠶᠢ ᠵᠢᠷᠤᠮᠵᠢᠭᠤᠯᠵᠤ᠂ ᠣᠢ ᠰᠢᠭᠤᠢ ᠶᠢᠨ ᠲᠦᠢᠮᠡᠷ ᠤᠨ ᠪᠠᠶᠢᠳᠠᠯ ᠢ ᠡᠷᠲᠡ ᠰᠢᠢᠳᠪᠦᠷᠢᠯᠡᠬᠦ ᠲᠣᠭᠲᠠᠴᠠ ᠶᠢ ᠨᠠᠶᠢᠳᠠᠪᠤᠷᠢᠵᠢᠭᠤᠯᠵᠤ᠂ ᠲᠦᠷᠭᠡᠨ ᠰᠢᠢᠳᠪᠦᠷᠢᠯᠡᠬᠦ ᠶᠢ ᠪᠡᠶᠡᠯᠡᠭᠦᠯᠬᠦ ᠬᠡᠷᠡᠭᠲᠡᠢ ᠬᠡᠵᠡᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号