ᠰᠢᠨᠡᠵᠠᠮ ᠰᠤᠮᠤ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠶᠡᠭᠡ ᠴᠡᠭᠴᠡᠯᠡᠨ ᠵᠠᠰᠠᠯᠲᠠ ᠶᠢ ᠥᠷᠨᠢᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠳᠤ ᠦᠷᠭᠦᠯᠵᠢᠯᠡᠨ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2024/4/22
   ᠴᠡᠪᠡᠷ ᠴᠡᠮᠴᠡᠭᠡᠷ ᠭᠤᠶᠣ ᠰᠠᠶᠢᠬᠠᠨ᠂ ᠪᠣᠯᠪᠠᠰᠤᠨ ᠡᠮᠬᠢ ᠵᠢᠷᠤᠮ ᠲᠠᠢ ᠨᠤᠲᠤᠭ ᠤᠨ ᠳᠦᠷᠰᠦ ᠪᠠᠶᠢᠳᠠᠯ ᠢ ᠤᠯᠠᠮ ᠨᠢᠭᠡ ᠠᠯᠬᠤᠮ ᠪᠣᠢ ᠪᠣᠯᠭᠠᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠬᠦ ᠳᠤ ᠬᠦᠴᠦᠨ ᠨᠡᠮᠡᠷᠢᠯᠡᠵᠦ᠂ ᠤᠯᠤᠰ ᠤᠨ ᠡᠷᠡᠭᠦᠯ ᠬᠠᠮᠠᠭᠠᠯᠠᠯ ᠤᠨ ᠰᠢᠶᠠᠩ ᠪᠠᠯᠭᠠᠰᠤ ᠶᠢ ᠡᠭᠦᠳᠦᠨ ᠪᠠᠶᠢᠭᠤᠯᠬᠤ ᠳᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠦᠴᠦᠨ ᠴᠢᠳᠠᠯ ᠢᠶᠠᠨ ᠡᠷᠭᠦᠬᠦ ᠶᠢᠨ ᠲᠥᠯᠥᠭᠡ᠂ 4 ᠰᠠᠷ᠎ᠠ ᠶᠢᠨ 18᠎ ᠤ ᠡᠳᠦᠷ ᠠᠴᠠ 19᠎ ᠤ ᠡᠳᠦᠷ ᠪᠣᠯᠲᠠᠯ᠎ᠠ᠂ ᠰᠢᠨᠠᠵᠠᠮ ᠰᠤᠮᠤ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠵᠠᠯᠭᠠᠭ᠎ᠠ ᠪᠠᠷ ᠬᠤᠶᠠᠷ ᠡᠳᠦᠷ ᠬᠠᠷᠢᠶᠠᠲᠤ ᠣᠷᠣᠨ ᠤ ᠳᠣᠲᠣᠷᠠᠬᠢ ᠵᠠᠮ ᠳᠠᠭᠠᠤ ᠶᠢᠨ ᠡᠵᠡᠩᠨᠡᠯᠲᠡ ᠶᠢᠨ ᠡᠷᠦᠬᠡ ᠶᠢᠨ ᠡᠭᠦᠳᠡᠨ ᠡᠮᠦᠨ᠎ᠡ ᠳᠤᠷ᠎ᠠ ᠪᠠᠷ ᠢᠶᠠᠨ ᠣᠪᠣᠭᠠᠯᠠᠵᠤ ᠳᠤᠷ᠎ᠠ ᠪᠠᠷ ᠢᠶᠠᠨ ᠲᠠᠯᠪᠢᠵᠤ ᠪᠠᠶᠢᠭ᠎ᠠ ᠠᠰᠠᠭᠤᠳᠠᠯ ᠢ ᠪᠦᠬᠦ ᠲᠠᠯ᠎ᠠ ᠪᠠᠷ ᠴᠡᠭᠴᠡᠯᠡᠨ ᠵᠠᠰᠠᠪᠠ᠃    ᠴᠡᠭᠴᠡᠯᠡᠨ ᠵᠠᠰᠠᠬᠤ ᠠᠵᠢᠯ ᠤᠨ ᠳᠤᠮᠳᠠ᠂ ᠰᠤᠮᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠠᠵᠢᠯᠲᠠᠳ ᠵᠠᠮ ᠳᠠᠭᠠᠤ ᠶᠢᠨ ᠡᠵᠡᠩᠨᠡᠯᠲᠡ ᠶᠢᠨ ᠡᠷᠦᠬᠡ ᠶᠢᠨ ᠬᠠᠷᠢᠭᠤᠴᠠᠯᠭᠠᠲᠠᠨ ᠢ ᠰᠢᠪᠠᠳᠠᠨ ︽ᠡᠭᠦᠳᠡᠨ ᠡᠮᠦᠨᠡᠬᠢ ᠭᠤᠷᠪᠠ ᠶᠢ ᠳᠠᠭᠠᠭᠠᠴᠢᠯᠠᠬᠤ︾ ᠱᠠᠭᠠᠷᠳᠠᠯᠭ᠎ᠠ ᠶᠣᠰᠣᠭᠠᠷ᠂ ᠬᠠᠷᠢᠭᠤᠴᠠᠯᠭ᠎ᠠ ᠶᠢᠨ ᠦᠵᠡᠯ ᠤᠬᠠᠮᠰᠠᠷ ᠢᠶᠠᠨ ᠳᠡᠭᠡᠭᠰᠢᠯᠡᠭᠦᠯᠦᠨ᠂ ᠥᠪᠡᠷ ᠤᠨ ᠡᠭᠦᠷᠭᠡ ᠪᠠᠨ ᠭᠦᠢᠴᠡᠳᠬᠡᠵᠦ᠂ ᠡᠷᠭᠢᠨ ᠲᠣᠭᠤᠷᠢᠨ ᠤ ᠣᠷᠴᠢᠨ ᠲᠣᠭᠤᠷᠢᠨ ᠢ ᠳᠠᠷᠦ᠋ᠢᠬᠠᠨ ᠴᠡᠪᠡᠷᠯᠡᠵᠦ᠂ ᠴᠡᠪᠡᠷ ᠴᠡᠮᠴᠡᠭᠡᠷ ᠨᠢᠭᠡᠳᠦᠯᠲᠡᠢ ᠪᠠᠶᠢᠯᠭᠠᠨ᠂ ᠡᠭᠦᠳᠡᠨ ᠳᠠᠬᠢ ᠣᠷᠴᠢᠨ ᠲᠣᠭᠤᠷᠢᠨ ᠤ ᠠᠷᠢᠭᠤᠨ ᠴᠡᠪᠡᠷ ᠢ ᠴᠠᠭ ᠢᠮᠠᠭᠲᠠ ᠴᠡᠪᠡᠷ ᠲᠡᠭᠰᠢ ᠪᠠᠶᠢᠯᠭᠠᠵᠤ᠂ ᠡᠵᠡᠩᠨᠡᠯᠲᠡ ᠶᠢᠨ ᠡᠷᠦᠬᠡ ᠶᠢᠨ ᠡᠭᠦᠳᠡᠨ ᠡᠮᠦᠨ᠎ᠡ ᠳᠤᠷ᠎ᠠ ᠪᠠᠷ ᠢᠶᠠᠨ ᠣᠪᠣᠭᠠᠯᠠᠵᠤ ᠲᠠᠯᠪᠢᠬᠤ᠂ ᠵᠡᠮ ᠡᠵᠡᠯᠡᠨ ᠡᠵᠡᠩᠨᠡᠬᠦ ᠶᠢ ᠴᠢᠩᠭ᠎ᠠ ᠴᠠᠭᠠᠵᠠᠯᠠᠪᠠ᠃    ᠳᠠᠷᠠᠭᠠᠴᠢ ᠶᠢᠨ ᠠᠯᠬᠤᠮ ᠳᠤ᠂ ᠰᠢᠨᠠᠵᠠᠮ ᠰᠤᠮᠤ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠵᠠᠮ ᠳᠠᠭᠠᠤ ᠶᠢᠨ ᠡᠵᠡᠩᠨᠡᠯᠲᠡ ᠶᠢᠨ ᠡᠷᠦᠬᠡ ᠶᠢᠨ ᠡᠭᠦᠳᠡᠨ ᠡᠮᠦᠨᠡᠬᠢ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠤᠷᠲᠤ ᠬᠤᠭᠤᠴᠠᠭᠠᠨ ᠤ ᠪᠦᠲᠦᠮᠵᠢᠲᠡᠢ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠦᠨ᠂ ᠪᠠᠶᠢᠩᠭᠤ ᠶᠢᠨ ᠬᠠᠮᠢᠶᠠᠷᠤᠯᠲᠠ ᠬᠠᠮᠠᠭᠠᠯᠠᠯᠲᠠ ᠶᠢ ᠪᠠᠲᠤᠯᠠᠵᠤ᠂ ᠠᠮᠤᠷ ᠲᠦᠪᠰᠢᠨ ᠡᠮᠬᠢ ᠵᠢᠷᠤᠮ ᠲᠠᠢ᠂ ᠴᠡᠪᠡᠷ ᠴᠡᠮᠴᠡᠭᠡᠷ᠂ ᠭᠤᠶᠣ ᠰᠠᠶᠢᠬᠠᠨ᠂ ᠶᠠᠰᠤ ᠴᠢᠨᠠᠷ ᠨᠢ ᠪᠦᠷᠢᠨ ᠲᠡᠭᠦᠯᠳᠡᠷ ᠵᠠᠮ ᠳᠠᠭᠠᠤ ᠶᠢᠨ ᠣᠷᠴᠢᠨ ᠲᠣᠭᠤᠷᠢᠨ ᠢ ᠬᠦᠴᠦᠯᠡᠨ ᠪᠠᠶᠢᠭᠤᠯᠤᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号