ᠰᠢᠨᠡᠵᠠᠮ ᠰᠤᠮᠤ ᠣᠷᠣᠰᠢᠨ ᠰᠠᠭᠤᠬᠤ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠪᠡ
ᠨᠡᠶᠢᠲᠡᠯᠡᠭᠰᠡᠨ ᠴᠠᠭ᠄
2024/4/22
   ᠴᠡᠪᠡᠷ ᠴᠡᠮᠴᠡᠭᠡᠷ ᠪᠣᠯᠪᠠᠰᠤᠨ᠂ ᠲᠠᠭᠠᠯᠠᠮᠵᠢᠲᠠᠢ ᠰᠠᠶᠢᠬᠠᠨ ᠣᠷᠣᠰᠢᠨ ᠰᠠᠭᠤᠬᠤ ᠣᠷᠴᠢᠨ ᠲᠣᠭᠤᠷᠢᠨ ᠢ ᠤᠯᠠᠮ ᠨᠢᠭᠡ ᠠᠯᠬᠤᠮ ᠡᠭᠦᠳᠦᠨ ᠪᠠᠶᠢᠭᠤᠯᠵᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠵᠠᠰᠠᠯᠲᠠ ᠶᠢᠨ ᠦᠷ᠎ᠡ ᠪᠦᠲᠦᠮᠵᠢ ᠶᠢ ᠪᠠᠬᠢᠵᠢᠭᠦᠯᠦᠨ ᠳᠡᠭᠡᠭᠰᠢᠯᠡᠭᠦᠯᠬᠦ ᠶᠢᠨ ᠲᠥᠯᠥᠭᠡ᠂ ᠣᠶᠢᠷ᠎ᠠ ᠶᠢᠨ ᠡᠳᠦᠷ ᠤᠳ ᠲᠤ᠂ ᠰᠢᠨᠠᠵᠠᠮ ᠰᠤᠮᠤ ︽ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠰᠠᠷ᠎ᠠ︾᠎ ᠶᠢᠨ ᠠᠵᠢᠯᠯᠠᠭ᠎ᠠ ᠲᠠᠢ ᠤᠶᠠᠯᠳᠤᠭᠤᠯᠤᠨ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯᠯᠠᠭ᠎ᠠ ᠶᠢ ᠦᠷᠭᠦᠯᠵᠢᠯᠡᠨ ᠯᠠᠪᠳᠠᠭᠤᠨ ᠪᠠᠲᠤᠲᠠᠢ ᠥᠷᠨᠢᠭᠦᠯᠪᠡ᠃    ᠠᠵᠢᠯᠯᠠᠭ᠎ᠠ ᠶᠢᠨ ᠳᠤᠮᠳᠠ᠂ ᠡᠯ᠎ᠡ ᠭᠠᠴᠠᠭ᠎ᠠ ᠲᠣᠰᠬᠤᠨ ᠤ ︽ᠬᠤᠶᠠᠷ ᠵᠥᠪᠯᠡᠯ︾᠎ ᠤᠨ ᠺᠠᠳ᠋ᠷ᠂ ᠰᠦᠯᠵᠢᠶᠡᠨ ᠤ ᠠᠵᠢᠯᠲᠠᠨ᠂ ᠰᠠᠶᠢᠨ ᠳᠤᠷ᠎ᠠ ᠶᠢᠨ ᠠᠵᠢᠯᠯᠠᠭᠴᠢ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠵᠡᠷᠭᠡ ᠬᠦᠴᠦᠨ ᠢ ᠵᠣᠬᠢᠶᠠᠨ ᠪᠠᠶᠢᠭᠤᠯᠵᠤ᠂ ᠬᠠᠷᠢᠶᠠᠲᠤ ᠣᠷᠣᠨ ᠤ ᠭᠤᠣᠯ ᠵᠡᠭᠡᠯᠢ ᠳᠠᠭᠠᠤ᠂ ᠭᠡᠷ ᠤᠨ ᠠᠷᠤ ᠥᠪᠥᠷ᠂ ᠪᠢᠶᠠᠨ ᠵᠢᠶᠣᠤ ᠭᠧᠦ ᠰᠤᠪᠠᠭ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢ ᠪᠦᠬᠦ ᠲᠠᠯ᠎ᠠ ᠪᠠᠷ ᠴᠡᠪᠡᠷᠯᠡᠵᠦ᠂ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ ᠳᠤ ᠰᠣᠬᠤᠷ ᠪᠠᠯᠠᠢ ᠭᠠᠵᠠᠷ ᠦᠯᠡᠳᠡᠭᠡᠬᠦ ᠦᠭᠡᠢ᠂ ᠬᠠᠰᠢ ᠶᠠᠰᠢ ᠥᠩᠭᠡᠷᠡᠭᠦᠯᠬᠦ ᠦᠭᠡᠢ ᠪᠠᠶᠢᠬᠤ ᠶᠢ ᠦᠨᠡᠨᠬᠦ ᠪᠠᠲᠤᠯᠠᠪᠠ᠃    ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠬᠦ ᠪᠠᠷ ᠳᠠᠮᠵᠢᠭᠤᠯᠤᠨ᠂ ᠬᠠᠷᠢᠶᠠᠲᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠪᠡᠷᠰᠢᠭᠦᠯᠬᠦ ᠪᠠᠷ ᠪᠠᠷᠠᠬᠤ ᠦᠭᠡᠢ ᠪᠠᠰᠠ ᠮᠠᠯᠴᠢᠨ ᠲᠠᠷᠢᠶᠠᠴᠢᠨ ᠢ ᠳᠠᠶᠢᠴᠢᠯᠠᠨ ᠤᠬᠠᠮᠰᠠᠷ ᠠᠴᠠ ᠪᠠᠨ ᠣᠷᠴᠢᠨ ᠲᠣᠭᠤᠷᠢᠨ ᠤ ᠠᠷᠢᠭᠤᠨ ᠴᠡᠪᠡᠷ ᠢ ᠪᠠᠲᠤᠯᠠᠬᠤ ᠰᠠᠶᠢᠨ ᠰᠠᠶᠢᠬᠠᠨ ᠳᠠᠳᠬᠠᠯ ᠲᠠᠢ ᠪᠣᠯᠭᠠᠵᠤ᠂ ︽ᠣᠷᠴᠢᠨ ᠲᠣᠭᠤᠷᠢᠨ ᠢ ᠴᠡᠭᠴᠡᠯᠡᠨ ᠵᠠᠰᠠᠵᠤ᠂ ᠬᠥᠮᠦᠨ ᠪᠦᠬᠦᠨ ᠣᠷᠣᠯᠴᠠᠬᠤ︾ ᠭᠦᠨ ᠵᠤᠵᠠᠭᠠᠨ ᠠᠭᠤᠷ ᠠᠮᠢᠰᠬᠤᠯ ᠢ ᠪᠣᠢ ᠪᠣᠯᠭᠠᠬᠤ ᠬᠡᠷᠡᠭᠲᠡᠢ᠃    ᠳᠠᠷᠠᠭᠠᠴᠢ ᠶᠢᠨ ᠠᠯᠬᠤᠮ ᠳᠤ᠂ ᠰᠢᠨᠠᠵᠠᠮ ᠰᠤᠮᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠠᠬᠢᠭᠤᠯᠵᠤ᠂ ᠬᠠᠷᠢᠶᠠᠲᠤ ᠣᠷᠣᠨ ᠤ ᠥᠷᠭᠡᠨ ᠣᠯᠠᠨ ᠮᠠᠯᠴᠢᠨ ᠲᠠᠷᠢᠶᠠᠴᠢᠨ ᠤ ᠵᠣᠯ ᠵᠢᠷᠭᠠᠯᠲᠤ ᠲᠥᠷᠥᠭᠳᠡᠯ ᠪᠠ ᠬᠠᠨᠤᠮᠵᠢ ᠶᠢᠨ ᠬᠡᠮᠵᠢᠶ᠎ᠡ ᠶᠢ ᠦᠨᠡᠨ ᠬᠦ ᠳᠡᠭᠡᠭᠰᠢᠯᠡᠭᠦᠯᠦᠨ᠎ᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号