ᠳᠥᠷᠥᠯᠵᠢ ᠪᠠᠯᠭᠠᠰᠤ ᠬᠤᠷᠴᠢᠨ ᠤ ᠡᠯᠡᠰᠦᠷᠬᠡᠭ ᠭᠠᠵᠠᠷ ᠢ ᠵᠠᠰᠠᠬᠤ ᠢᠨᠵᠧᠨᠧᠷᠢᠩ ᠢ ᠪᠦᠬᠦ ᠬᠦᠴᠦᠨ ᠢᠶᠠᠷ ᠢᠶᠠᠨ ᠠᠬᠢᠭᠤᠯᠪᠠ
ᠨᠡᠶᠢᠲᠡᠯᠡᠭᠰᠡᠨ ᠴᠠᠭ᠄
2024/4/22
   2024 ᠣᠨ ᠳᠤ᠂ ᠳᠥᠷᠥᠯᠵᠢ ᠪᠠᠯᠭᠠᠰᠤ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠪᠠᠲᠤ ᠪᠣᠢ ᠪᠣᠯᠭᠠᠵᠤ᠂ ᠤᠷᠲᠤ ᠬᠤᠭᠤᠴᠠᠭ᠎ᠠ ᠪᠠᠷ ᠴᠢᠷᠮᠠᠶᠢᠬᠤ ᠶᠢ ᠪᠠᠷᠢᠮᠲᠠᠯᠠᠵᠤ᠂ ᠦᠷᠭᠦᠯᠵᠢᠯᠡᠨ ᠬᠦᠴᠦᠯᠡᠵᠦ᠂ ︽ᠨᠠᠮ ᠤᠨ ᠬᠤᠷᠢᠶ᠎ᠠ ᠤᠳᠤᠷᠢᠳᠬᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠬᠤ᠂ ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ᠂ ᠰᠢᠰᠲ᠋ᠧᠮ ᠲᠠᠢ ᠵᠠᠰᠠᠬᠤ᠂ ᠨᠡᠶᠢᠭᠡᠮ ᠢᠶᠠᠷ ᠢᠶᠠᠨ ᠣᠷᠣᠯᠴᠠᠬᠤ︾ ᠠᠵᠢᠯ ᠤᠨ ᠲᠣᠭᠲᠠᠴᠠ ᠶᠢ ᠲᠣᠭᠲᠠᠭᠠᠵᠤ᠂ ᠪᠦᠬᠦ ᠪᠠᠯᠭᠠᠰᠤᠨ ᠤ ᠬᠠᠯᠴᠠᠭᠠᠢ ᠡᠯᠡᠰᠦᠷᠬᠡᠭ ᠭᠠᠵᠠᠷ ᠢ ᠵᠠᠰᠠᠬᠤ ᠡᠭᠦᠷᠭᠡ ᠶᠢ ᠴᠠᠭ ᠲᠤᠬᠠᠢ ᠳᠤᠨᠢ ᠴᠢᠨᠠᠷ ᠴᠢᠨᠰᠠᠭ᠎ᠠ ᠶᠢ ᠪᠠᠲᠤᠯᠠᠨ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃    ︽ᠣᠳᠣᠬᠠᠨ ᠳᠤ ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ ᠲᠥᠷᠥ ᠶᠢᠨ ᠪᠣᠳᠣᠯᠭ᠎ᠠ ᠮᠠᠰᠢ ᠰᠠᠶᠢᠨ ᠪᠣᠯᠵᠠᠢ᠂ ᠮᠠᠯᠴᠢᠨ ᠲᠠᠷᠢᠶᠠᠴᠢᠨ ︿ᠭᠡᠷ ᠤᠨ ᠡᠭᠦᠳᠡ﹀᠎ ᠳᠤ ᠠᠵᠢᠯᠯᠠᠵᠤ ᠪᠠᠶᠢᠨ᠎ᠠ᠂ ᠣᠷᠴᠢᠨ ᠲᠣᠭᠤᠷᠢᠨ ᠢ ᠭᠤᠶᠣᠯᠠᠭᠰᠠᠨ ᠮᠥᠷᠲᠡᠭᠡᠨ ᠣᠷᠣᠯᠭ᠎ᠠ ᠶᠢ ᠨᠡᠮᠡᠭᠳᠡᠭᠦᠯᠵᠦ᠂ ᠥᠪᠡᠷ ᠤᠨ ᠬᠥᠳᠡᠯᠮᠦᠷᠢ ᠪᠠᠷ ᠢᠶᠠᠨ ᠳᠠᠮᠵᠢᠭᠤᠯᠤᠨ ᠦᠨᠡᠨ ᠪᠣᠳᠠᠲᠠᠢ ᠠᠮᠢ ᠠᠬᠤᠢ ᠶᠢᠨ ᠵᠠᠰᠠᠯᠲᠠ ᠶᠢᠨ ᠦᠷ᠎ᠡ ᠪᠦᠲᠦᠮᠵᠢ ᠶᠢ ᠠᠪᠴᠢᠷᠠᠵᠤ ᠴᠢᠳᠠᠨ᠎ᠠ︾ ᠭᠡᠵᠡᠢ᠃ ᠶᠠᠮᠠᠨ ᠮᠣᠳᠣ ᠭᠠᠴᠠᠭᠠᠨ ᠤ ᠨᠠᠮ ᠤᠨ ᠡᠭᠦᠷ ᠤᠨ ᠱᠦᠵᠢ ᠵᠠᠩ ᠰᠡᠴᠡᠨ ᠬᠡᠯᠡᠪᠡ᠃    ᠳᠥᠷᠥᠯᠵᠢ ᠪᠠᠯᠭᠠᠰᠤ ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ ᠠᠷᠭ᠎ᠠ ᠮᠠᠶ᠋ᠢᠭ ᠢᠶᠠᠷ ᠨᠡᠩ ᠣᠯᠠᠨ ᠬᠥᠮᠦᠰ ᠢ ᠲᠡᠳᠡᠨ ᠠᠪᠴᠢᠷᠠᠵᠤ ᠬᠤᠷᠴᠢᠨ ᠤ ᠡᠯᠡᠰᠦᠷᠬᠡᠭ ᠭᠠᠵᠠᠷ ᠢ ᠵᠠᠰᠠᠬᠤ ᠳᠤ ᠣᠷᠣᠯᠴᠠᠭᠤᠯᠵᠤ᠂ ᠡᠯᠡᠰᠦᠷᠬᠡᠭ ᠭᠠᠵᠠᠷ ᠢ ᠵᠠᠰᠠᠬᠤ ᠳᠤ ᠬᠦᠴᠦᠷᠬᠡᠭ ᠶᠡᠭᠡ ᠬᠦᠴᠦᠨ ᠴᠢᠳᠠᠯ ᠨᠡᠮᠡᠷᠢᠯᠡᠪᠡ᠃    ᠬᠠᠯᠴᠠᠭᠠᠢ ᠡᠯᠡᠰᠦᠷᠬᠡᠭ ᠭᠠᠵᠠᠷ ᠢ ᠵᠠᠰᠠᠬᠤ ᠲᠥᠷᠥᠯ ᠵᠦᠢᠯ ᠢ ᠬᠡᠷᠡᠭᠵᠢᠭᠦᠯᠦᠭᠰᠡᠨ ᠠᠴᠠ ᠨᠠᠰᠢ᠂ ᠳᠥᠷᠥᠯᠵᠢ ᠪᠠᠯᠭᠠᠰᠤᠨ ᠤ ᠬᠠᠷᠢᠶᠠᠨ ᠳᠠᠬᠢ ᠨᠢᠴᠦᠭᠦᠨ ᠲᠠᠷᠢᠶᠠᠨ ᠭᠠᠵᠠᠷ ᠢ ᠲᠡᠭᠰᠢᠯᠡᠬᠦ ᠠᠵᠢᠯ ᠨᠢᠭᠡᠨᠲᠡ ᠳᠠᠭᠤᠰᠴᠤ᠂ ᠬᠦᠷᠢᠶ᠎ᠡ ᠬᠠᠰᠢᠶ᠎ᠠ᠂ ᠡᠯᠡᠰᠦᠨ ᠬᠠᠯᠬᠠᠪᠴᠢ᠂ ᠱᠦᠢᠨᠢ ᠶᠢᠨ ᠪᠠᠭᠠᠨ᠎ᠠ᠂ ᠴᠢᠬᠢ ᠮᠣᠳᠣ ᠵᠠᠶᠢᠯᠠᠬᠤ ᠶᠢ ᠴᠥᠮ ᠪᠣᠳᠠᠲᠠᠶᠢᠵᠢᠭᠤᠯᠵᠤ ᠂ ᠣᠳᠣ ᠨᠢᠭᠡᠨᠲᠡ 2700 ᠭᠠᠷᠤᠢ ᠮᠦ ᠵᠢᠵᠢᠭ ᠨᠠᠪᠴᠢᠲᠤ ᠬᠠᠷᠭᠠᠨ᠎ᠠ ᠲᠠᠷᠢᠵᠤ᠂ ᠡᠳᠦᠷ ᠪᠦᠷᠢ ᠳᠤᠮᠳᠠᠴᠢ ᠪᠠᠷ 60 ᠠᠵᠢᠯᠴᠢᠨ᠂ 20 ᠭᠠᠷᠤᠢ ᠰᠠᠭᠤᠷᠢ ᠮᠠᠰᠢᠨ ᠲᠥᠬᠦᠭᠡᠷᠦᠮᠵᠢ ᠣᠷᠣᠭᠤᠯᠵᠤ᠂ ᠮᠠᠯᠴᠢᠨ ᠲᠠᠷᠢᠶᠠᠴᠢᠨ ᠢ ᠳᠠᠶᠢᠴᠢᠯᠠᠨ ᠡᠳᠦᠷ ᠪᠦᠷᠢ 150 ᠲᠥᠭᠦᠷᠢᠭ ᠠᠴᠠ 400 ᠲᠥᠭᠦᠷᠢᠭ ᠤᠨ ᠣᠷᠣᠯᠭ᠎ᠠ ᠨᠡᠮᠡᠭᠳᠡᠭᠦᠯᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号