ᠳᠥᠷᠥᠯᠵᠢ ᠪᠠᠯᠭᠠᠰᠤ ᠪᠦᠬᠦ ᠠᠷᠠᠳ ᠤᠨ ᠤᠩᠰᠢᠯᠭ᠎ᠠ ᠶᠢᠨ ᠭᠤᠣᠯ ᠰᠡᠳᠦᠪᠲᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/22
    4 ᠰᠠᠷ᠎ᠠ ᠶᠢᠨ 23᠎ ᠤ ᠡᠳᠦᠷ ᠪᠣᠯ 29 ᠳ᠋ᠦᠭᠡᠷ ᠳᠡᠯᠡᠬᠡᠢ ᠶᠢᠨ ᠨᠣᠮ ᠤᠩᠰᠢᠬᠤ ᠡᠳᠦᠷ ᠮᠥᠨ᠂ 4 ᠰᠠᠷ᠎ᠠ ᠪᠣᠯ ᠪᠠᠰᠠ ᠴᠤ ᠮᠠᠨ ᠤ ᠤᠯᠤᠰ ᠤᠨ ᠪᠦᠬᠦ ᠠᠷᠠᠳ ᠤᠨ ᠨᠣᠮ ᠤᠩᠰᠢᠬᠤ ᠰᠠᠷ᠎ᠠ ᠮᠥᠨ᠃ ᠥᠷᠭᠡᠨ ᠣᠯᠠᠨ ᠮᠠᠯᠴᠢᠨ ᠲᠠᠷᠢᠶᠠᠴᠢᠨ ᠲᠦᠮᠡᠨ ᠪᠠ ᠭᠠᠴᠠᠭᠠᠨ ᠤ ︽ᠬᠤᠶᠠᠷ ᠵᠥᠪᠯᠡᠯ︾᠎ ᠤᠨ ᠤᠩᠰᠢᠯᠭ᠎ᠠ ᠶᠢᠨ ᠬᠠᠯᠠᠭᠤᠨ ᠰᠡᠳᠬᠢᠯᠭᠡ ᠶᠢ ᠳᠡᠭᠡᠭᠰᠢᠯᠡᠭᠦᠯᠵᠦ᠂ ᠪᠦᠬᠦ ᠠᠷᠠᠳ ᠤᠨ ᠤᠩᠰᠢᠯᠭ᠎ᠠ ᠶᠢ ᠭᠦᠨᠵᠡᠭᠡᠢ ᠠᠬᠢᠭᠤᠯᠬᠤ ᠶᠢᠨ ᠲᠥᠯᠥᠭᠡ᠂ ᠣᠶᠢᠷ᠎ᠠ ᠳᠤ᠂ ᠳᠥᠷᠥᠯᠵᠢ ᠪᠠᠯᠭᠠᠰᠤ ᠪᠦᠬᠦ ᠠᠷᠠᠳ ᠤᠨ ᠤᠩᠰᠢᠯᠭ᠎ᠠ ᠶᠢᠨ ᠭᠤᠣᠯ ᠰᠡᠳᠦᠪᠲᠦ ᠠᠵᠢᠯᠯᠠᠭ᠎ᠠ ᠥᠷᠨᠢᠭᠦᠯᠪᠡ᠃    ᠠᠵᠢᠯᠯᠠᠭ᠎ᠠ ᠶᠢᠨ ᠳᠤᠮᠳᠠ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠰᠠᠶᠢᠨ ᠳᠤᠷ᠎ᠠ ᠶᠢᠨ ᠠᠵᠢᠯᠯᠠᠭᠴᠢ ᠨᠣᠮ ᠪᠢᠴᠢᠭ ᠢ ᠲᠠᠨᠢᠯᠴᠠᠭᠤᠯᠬᠤ ᠶᠢᠨ ᠬᠠᠮᠲᠤ ᠣᠯᠠᠨ ᠢ ᠳᠠᠭᠠᠭᠤᠯᠤᠨ ᠨᠠᠷᠢᠨ ᠬᠢᠨᠠᠮᠠᠭᠠᠢ ᠤᠩᠰᠢᠭᠤᠯᠵᠤ ᠂ ᠨᠣᠮ ᠪᠢᠴᠢᠭ ᠲᠠᠬᠢ ᠰᠠᠶᠢᠨ ᠦᠭᠡ᠂ ᠰᠠᠶᠢᠨ ᠥᠭᠦᠯᠡᠪᠦᠷᠢ ᠶᠢ ᠰᠣᠩᠭᠤᠨ ᠬᠠᠭᠤᠯᠵᠤ᠂ ᠣᠯᠠᠨ ᠢ ᠵᠣᠷᠢᠭᠵᠢᠭᠤᠯᠵᠤ ᠪᠠᠶᠢᠭᠠᠳ ︽ᠨᠣᠮ ᠤᠩᠰᠢᠬᠤ ᠳᠤᠷᠠᠲᠠᠢ᠂ ᠰᠠᠶᠢᠨ ᠨᠣᠮ ᠤᠩᠰᠢᠵᠤ᠂ ᠨᠣᠮ ᠤᠩᠰᠢᠬᠤ ᠳᠠᠭᠠᠨ ᠴᠢᠳᠠᠮᠠᠭᠠᠢ︾ ᠭᠡᠬᠦ ᠰᠠᠶᠢᠨ ᠰᠠᠶᠢᠬᠠᠨ ᠳᠠᠳᠬᠠᠯ ᠲᠠᠢ ᠪᠣᠯᠭᠠᠵᠤ᠂ ᠲᠡᠳᠡᠨ ᠢ ᠬᠥᠲᠥᠯᠥᠨ ᠵᠢᠯᠣᠭᠤᠳᠴᠤ ᠪᠠᠶᠢᠭᠠᠳ ᠭᠠᠷ ᠤᠲᠠᠰᠤ ᠪᠠᠨ ᠲᠠᠯᠪᠢᠵᠤ ᠨᠣᠮ ᠤᠩᠰᠢᠬᠤ ᠶᠢᠷᠲᠢᠨᠴᠦ ᠳᠤ ᠣᠷᠣᠭᠤᠯᠵᠤ᠂ ᠤᠩᠰᠢᠯᠭ᠎ᠠ ᠠᠴᠠ ᠪᠣᠯᠤᠭᠰᠠᠨ ᠪᠠᠶᠠᠷ ᠪᠠᠶᠠᠰᠤᠯ ᠢ ᠡᠳ᠋ᠯᠡᠭᠦᠯᠵᠦ᠂ ᠤᠩᠰᠢᠯᠭ᠎ᠠ ᠶᠢ ᠮᠠᠯᠴᠢᠨ ᠲᠠᠷᠢᠶᠠᠴᠢᠨ ᠤ ᠠᠮᠢᠳᠤᠷᠠᠯ ᠤᠨ ᠳᠤᠮᠳᠠᠬᠢ ᠡᠩ ᠤᠨ ᠶᠠᠪᠤᠳᠠᠯ ᠪᠣᠯᠭᠠᠬᠤ ᠶᠢ ᠵᠣᠷᠢᠭᠵᠢᠭᠤᠯᠤᠨ᠎ᠠ᠃    ᠣᠯᠠᠨ ᠢᠶᠠᠷ ᠢᠶᠠᠨ ᠥᠪᠡᠷ ᠤᠨ ᠳᠤᠷᠠᠲᠠᠢ ᠨᠣᠮ ᠪᠢᠴᠢᠭ ᠢᠶᠠᠨ ᠬᠠᠷᠢᠯᠴᠠᠨ ᠲᠠᠨᠢᠯᠴᠠᠭᠤᠯᠤᠭᠰᠠᠨ ᠪᠥᠭᠡᠳ ᠨᠣᠮ ᠤᠩᠰᠢᠭᠰᠠᠨ ᠲᠥᠷᠥᠭᠳᠡᠯ ᠢᠶᠠᠨ ᠬᠤᠪᠢᠶᠠᠯᠴᠠᠵᠤ᠂ ᠥᠪᠡᠷ ᠤᠨ ᠠᠵᠢᠯ ᠤᠨ ᠪᠠᠶᠢᠷᠢ᠂ ᠥᠰᠦᠨ ᠪᠤᠶᠢᠵᠢᠭᠰᠠᠨ ᠥᠩᠭᠡᠷᠡᠯᠲᠡ ᠪᠠ ᠠᠮᠢᠳᠤᠷᠠᠯ ᠤᠨ ᠲᠥᠷᠥᠭᠳᠡᠯ ᠵᠡᠷᠭᠡ ᠲᠠᠢ ᠪᠠᠨ ᠤᠶᠠᠯᠳᠤᠭᠤᠯᠤᠨ᠂ ᠥᠪᠡᠷ ᠤᠨ ᠨᠣᠮ ᠤᠩᠰᠢᠭᠰᠠᠨ ᠣᠯᠤᠯᠲᠠ ᠪᠠᠨ ᠠᠭᠤᠵᠢᠷᠠᠲᠠᠯ᠎ᠠ ᠶᠠᠷᠢᠯᠴᠠᠵᠤ᠂ ᠨᠣᠮ ᠳᠡᠪᠲᠡᠷ ᠠᠴᠠ ᠪᠣᠳᠠᠲᠤ ᠪᠠᠶᠢᠳᠠᠯ ᠤᠨ ᠲᠤᠬᠠᠢ ᠶᠠᠷᠢᠵᠤ᠂ ᠬᠠᠭᠤᠳᠠᠰᠤ ᠠᠴᠠ ᠠᠮᠢᠳᠤᠷᠠᠯ ᠳᠤᠮᠳᠠ ᠬᠦᠷᠲᠡᠯ᠎ᠡ ᠶᠠᠷᠢᠵᠤ᠂ ᠣᠯᠠᠨ ᠢᠶᠠᠷ ᠢᠶᠠᠨ ᠥᠪᠡᠷ ᠥᠪᠡᠷ ᠤᠨ ᠨᠣᠮ ᠤᠩᠰᠢᠬᠤ ᠪᠠᠶᠠᠷ ᠪᠠᠭ᠋ᠠᠳᠤᠯ ᠢᠶᠠᠨ ᠬᠤᠪᠢᠶᠠᠯᠴᠠᠵᠤ᠂ ᠨᠣᠮ ᠤᠩᠰᠢᠬᠤ ᠳᠤᠮᠳᠠ ᠮᠡᠳᠡᠯᠭᠡ ᠶᠢᠨ ᠬᠡᠪ ᠪᠣᠯᠪᠠᠰᠤᠷᠠᠯ ᠢᠶᠠᠨ ᠳᠡᠭᠡᠭᠰᠢᠯᠡᠭᠦᠯᠵᠦ᠂ ᠲᠤᠬᠠᠢ ᠶᠢᠨ ᠲᠠᠯᠠᠪᠤᠷ ᠤᠨ ᠠᠭᠤᠷ ᠠᠮᠢᠰᠬᠤᠯ ᠪᠠᠶᠠᠷ ᠬᠦᠷ ᠲᠠᠢ ᠪᠠᠶᠢᠯ᠎ᠠ᠃    ᠲᠤᠰ ᠤᠳᠠᠭᠠᠨ ᠤ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠥᠷᠭᠡᠨ ᠣᠯᠠᠨ ᠮᠠᠯᠴᠢᠨ ᠲᠠᠷᠢᠶᠠᠴᠢᠨ ᠪᠠ ᠭᠠᠴᠠᠭᠠᠨ ᠤ ︽ᠬᠤᠶᠠᠷ ᠵᠥᠪᠯᠡᠯ︾᠎ ᠤᠨ ᠪᠦᠬᠦ ᠠᠷᠠᠳ ᠤᠨ ᠤᠩᠰᠢᠯᠭ᠎ᠠ ᠶᠢᠨ ᠠᠵᠢᠯᠯᠠᠭ᠎ᠠ ᠳᠤ ᠣᠷᠣᠯᠴᠠᠬᠤ ᠬᠠᠯᠠᠭᠤᠨ ᠰᠡᠳᠬᠢᠯᠭᠡ ᠶᠢ ᠤᠯᠠᠮ ᠨᠢᠭᠡ ᠠᠯᠬᠤᠮ ᠬᠥᠭᠵᠢᠭᠡᠵᠦ᠂ ᠬᠠᠷᠢᠶᠠᠲᠤ ᠣᠷᠣᠨ ᠳᠤ ᠪᠦᠬᠦ ᠠᠷᠠᠳ ᠤᠨ ᠤᠩᠰᠢᠯᠭ᠎ᠠ ᠶᠢᠨ ᠰᠠᠶᠢᠨ ᠰᠠᠶᠢᠬᠠᠨ ᠠᠭᠤᠷ ᠠᠮᠢᠰᠬᠤᠯ ᠢ ᠪᠣᠢ ᠪᠣᠯᠭᠠᠪᠠ᠃ ᠬᠤᠶᠢᠰᠢᠳᠠ ᠳᠥᠷᠥᠯᠵᠢ ᠪᠠᠯᠭᠠᠰᠤ ᠦᠷᠭᠦᠯᠵᠢᠯᠡᠨ ᠪᠦᠬᠦ ᠠᠷᠠᠳ ᠤᠨ ᠤᠩᠰᠢᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ᠤᠩᠰᠢᠯᠭ᠎ᠠ ᠪᠠᠷ ᠰᠣᠩᠭᠤᠳᠠᠭ ᠵᠣᠬᠢᠶᠠᠯ ᠢ ᠤᠯᠠᠮᠵᠢᠯᠠᠨ ᠵᠠᠯᠭᠠᠮᠵᠢᠯᠠᠵᠤ᠂ ᠦᠵᠡᠯ ᠰᠠᠨᠠᠭ᠎ᠠ ᠪᠠᠨ ᠰᠣᠯᠢᠯᠴᠠᠨ ᠮᠥᠷᠭᠦᠯᠳᠦᠵᠦ᠂ ᠬᠠᠷᠢᠶᠠᠲᠤ ᠣᠷᠣᠨ ᠤ ᠰᠠᠭᠤᠭᠠᠯᠢ ᠠᠷᠠᠳ ᠵᠢᠴᠢ ᠭᠠᠴᠠᠭᠠᠨ ᠤ ︽ᠬᠤᠶᠠᠷ ᠵᠥᠪᠯᠡᠯ︾᠎ ᠤᠨ ᠣᠶᠤᠨ ᠤ ᠰᠣᠶᠣᠯ ᠤᠨ ᠶᠢᠷᠲᠢᠨᠴᠦ ᠶᠢ ᠪᠠᠶᠠᠯᠢᠭᠵᠢᠭᠤᠯᠵᠤ᠂ ᠤᠩᠰᠢᠯᠭ᠎ᠠ ᠶᠢᠨ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号