ᠤᠷ᠎ᠠ ᠮᠡᠷᠭᠡᠵᠢᠯ ᠢᠶᠠᠷ ᠬᠠᠪᠰᠤᠷᠤᠨ ᠲᠡᠳᠬᠦᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2024/4/22
   ᠡᠨᠡ ᠵᠢᠯ ᠤᠨ 3 ᠰᠠᠷ᠎ᠠ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠪᠡᠭᠡᠵᠢᠩ ᠬᠤᠲᠠ ᠶᠢᠨ ᠬᠠᠶᠢᠳᠢᠶᠠᠨ ᠲᠣᠭᠤᠷᠢᠭ ᠲᠤ ᠬᠦᠷᠴᠦ ᠪᠡᠭᠡᠵᠢᠩ ᠥᠪᠥᠷ ᠮᠣᠩᠭᠤᠯ ᠤᠨ ᠬᠥᠳᠡᠯᠮᠦᠷᠢ ᠬᠦᠴᠦᠨ ᠤ ᠬᠠᠮᠵᠢᠯᠴᠠᠭ᠎ᠠ ᠶᠢᠨ ᠵᠣᠯᠭᠠᠯᠴᠠᠭ᠎ᠠ ᠶᠢ ᠥᠷᠨᠢᠭᠦᠯᠵᠦ᠂ ᠪᠡᠭᠡᠵᠢᠩ ᠬᠤᠲᠠ ᠶᠢᠨ ᠲᠠᠷᠢᠶᠠᠯᠠᠩ ᠣᠢ ᠰᠢᠭᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠬᠢᠭᠡᠳ ᠬᠢᠩᠭᠠᠨ ᠠᠶᠢᠮᠠᠭ ᠤᠨ ᠫᠧᠩ ᠳ᠋ᠠ ᠠᠵᠢᠯ ᠮᠡᠷᠭᠡᠵᠢᠯ ᠤᠨ ᠪᠣᠯᠪᠠᠰᠤᠷᠠᠯ ᠤᠨ ᠬᠠᠮᠲᠤᠷᠠᠯᠴᠠᠭ᠎ᠠ ᠵᠣᠯᠭᠠᠯᠴᠠᠭ᠎ᠠ ᠶᠢ ᠠᠬᠢᠭᠤᠯᠬᠤ ᠶᠢᠨ ᠬᠠᠮᠲᠤ ᠬᠠᠮᠲᠤᠷᠠᠯᠴᠠᠭᠠᠨ ᠤ ᠪᠣᠷᠣ ᠲᠥᠯᠥᠪ ᠲᠣᠭᠲᠠᠪᠠ᠃ ᠣᠶᠢᠷ᠎ᠠ ᠳᠤ᠂ ᠪᠡᠭᠡᠵᠢᠩ ᠤᠨ ᠲᠠᠷᠢᠶᠠᠯᠠᠩ ᠣᠢ ᠰᠢᠭᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠣᠶᠤᠨᠴᠢ ᠲᠠᠷᠢᠶᠠᠯᠠᠩ ᠤᠨ ᠠᠯᠤᠰ ᠡᠵᠡᠮᠰᠢᠯᠲᠦ ᠠᠵᠢᠯ ᠮᠡᠷᠭᠡᠵᠢᠯ ᠤᠨ ᠪᠣᠯᠪᠠᠰᠤᠷᠠᠯ ᠤᠨ ᠰᠤᠷᠭᠠᠭᠤᠯᠢ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠭᠦᠨᠵᠡᠭᠡᠶᠢᠷᠡᠵᠦ᠂ ᠬᠢᠩᠭᠠᠨ ᠠᠶᠢᠮᠠᠭ ᠤᠨ ᠫᠧᠩ ᠳ᠋ᠠ ᠠᠵᠢᠯ ᠮᠡᠷᠭᠡᠵᠢᠯ ᠤᠨ ᠰᠤᠷᠭᠠᠭᠤᠯᠢ ᠲᠠᠢ ︽ᠰᠤᠷᠭᠠᠭᠤᠯᠢ ᠪᠠ ᠰᠤᠷᠭᠠᠭᠤᠯᠢ ᠶᠢᠨ ᠬᠠᠮᠵᠢᠯᠴᠠᠭ᠎ᠠ︾᠎ ᠶᠢᠨ ᠶᠠᠷᠢᠯᠴᠠᠬᠤ ᠬᠤᠷᠠᠯ ᠥᠷᠨᠢᠭᠦᠯᠪᠡ᠃    ᠪᠦᠬᠦ ᠬᠤᠰᠢᠭᠤᠨ ᠤ ᠮᠠᠯᠴᠢᠨ ᠲᠠᠷᠢᠶᠠᠴᠢᠨ ᠢ ᠤᠯᠠᠮ ᠨᠢᠭᠡ ᠠᠯᠬᠤᠮ ᠬᠠᠪᠰᠤᠷᠤᠨ ᠤᠷ᠎ᠠ ᠴᠢᠳᠠᠪᠤᠷᠢ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠠᠵᠢᠯ ᠣᠯᠬᠤ ᠴᠢᠳᠠᠪᠤᠷᠢ ᠶᠢ ᠨᠡᠮᠡᠭᠳᠡᠭᠦᠯᠦᠨ᠂ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠬᠦ ᠶᠢᠨ ᠲᠥᠯᠥᠭᠡ᠂ ᠬᠤᠶᠠᠷ ᠲᠠᠯ᠎ᠠ ᠪᠠᠷ ᠢᠶᠠᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠣᠷᠣᠨ ᠨᠤᠲᠤᠭ ᠤᠨ ᠣᠨᠴᠠᠯᠢᠭ ᠢ ᠦᠨᠳᠦᠰᠦᠯᠡᠨ᠂ ︽ᠬᠢᠩᠭᠠᠨ ᠮᠠᠯ ᠵᠢᠭᠦᠷᠲᠡᠨ ᠤ ᠥᠭᠡᠷᠡᠴᠢᠯᠡᠯᠲᠡ ᠶᠢᠨ ᠠᠵᠢᠯᠲᠠᠨ᠂ ᠤᠮᠠᠷᠠᠲᠤ ᠬᠢᠯᠢ ᠶᠢᠨ ᠬᠠᠳᠬᠤᠮᠠᠯ᠂ ᠣᠷᠣᠨ ᠨᠤᠲᠤᠭ ᠤᠨ ᠣᠨᠴᠠᠯᠢᠭᠲᠤ ᠢᠳᠡᠰᠢᠨ ᠲᠠᠬᠢ᠊ ᠡᠶ᠎ᠡ ᠲᠡᠵᠢᠭᠡᠨ ᠦᠷᠡᠵᠢᠭᠦᠯᠬᠦ︾ ᠭᠤᠷᠪᠠᠨ ᠵᠦᠢᠯ ᠤᠨ ᠰᠢᠨ᠎ᠡ ᠪᠣᠯᠪᠠᠰᠤᠷᠠᠯ ᠤᠨ ᠠᠵᠢᠯ ᠢ ᠰᠦᠪᠡᠭᠴᠢᠯᠡᠪᠡ᠃ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠥᠨᠳᠥᠷ ᠬᠡᠪ ᠪᠣᠯᠪᠠᠰᠤᠷᠠᠯ ᠲᠠᠢ ᠮᠠᠯᠴᠢᠨ ᠲᠠᠷᠢᠶᠠᠴᠢᠨ ᠢ ᠬᠥᠮᠦᠵᠢᠭᠦᠯᠬᠦ ᠲᠥᠯᠥᠪᠯᠡᠭᠡ ᠳᠤ ᠲᠦᠰᠢᠭᠯᠡᠨ᠂ ᠰᠢᠨ᠎ᠡ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠪᠠ ᠦᠢᠯᠡᠴᠢᠯᠡᠭᠡᠨ ᠤ ᠭᠤᠣᠯ ᠴᠣᠭᠴᠠ ᠶᠢᠨ ᠳᠠᠭᠠᠭᠤᠯᠤᠭᠴᠢ᠂ ᠮᠠᠯ ᠵᠢᠭᠦᠷᠲᠡᠨ ᠲᠡᠵᠢᠭᠡᠨ ᠦᠷᠡᠵᠢᠭᠦᠯᠬᠦ ᠴᠢᠳᠠᠪᠤᠷᠢᠲᠠᠨ᠂ ᠮᠣᠩᠭᠤᠯ ᠬᠠᠳᠬᠤᠮᠠᠯ ᠤᠨ ᠰᠢᠨ᠎ᠡ ᠶᠢ ᠡᠭᠦᠳᠦᠭᠴᠢ᠂ ᠬᠥᠳᠡᠭᠡ ᠲᠣᠰᠬᠤᠨ ᠤ ᠵᠠᠰᠠᠯᠲᠠ ᠵᠢᠴᠢ ᠨᠡᠶᠢᠭᠡᠮ ᠤᠨ ᠠᠵᠢᠯ ᠦᠢᠯᠡᠰ ᠤᠨ ᠬᠥᠭᠵᠢᠯᠲᠡ ᠶᠢᠨ ᠳᠠᠭᠠᠭᠤᠯᠤᠭᠴᠢ ᠶᠢ ᠪᠣᠯᠪᠠᠰᠤᠷᠠᠭᠤᠯᠵᠤ᠂ ᠤᠷᠲᠤ ᠬᠤᠭᠤᠴᠠᠭᠠᠨ ᠤ ᠲᠤᠷᠰᠢ ᠴᠢᠳᠠᠪᠤᠷᠢᠲᠠᠨ ᠡᠯᠰᠡᠵᠦ ᠣᠶᠤᠨ ᠤᠬᠠᠭᠠᠨ ᠢ ᠲᠠᠲᠠᠬᠤ ᠳᠤ ᠬᠦᠴᠢᠷᠲᠡᠢ᠂ ᠪᠣᠯᠪᠠᠰᠤᠷᠠᠭᠤᠯᠤᠯ ᠤᠨ ᠡᠬᠢ ᠪᠠᠶᠠᠯᠢᠭ ᠪᠠᠭ᠎ᠠ᠂ ᠬᠥᠭᠵᠢᠯᠲᠡ ᠶᠢᠨ ᠣᠷᠣᠨ ᠵᠠᠢ ᠪᠠᠭ᠎ᠠ ᠵᠡᠷᠭᠡ ᠠᠰᠠᠭᠤᠳᠠᠯ ᠢ ᠰᠢᠢᠳᠪᠦᠷᠢᠯᠡᠨ᠎ᠡ᠃    ᠣᠶᠢᠷ᠎ᠠ ᠶᠢᠨ ᠵᠢᠯ ᠠᠴᠠ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ︽ᠤᠷ᠎ᠠ ᠴᠢᠳᠠᠪᠤᠷᠢ ᠪᠠᠷ ᠠᠵᠢᠯ ᠣᠯᠭᠤᠯᠲᠠ ᠶᠢ ᠠᠬᠢᠭᠤᠯᠬᠤ︾᠎ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠡᠷᠴᠢᠮ ᠢᠶᠠᠨ ᠲᠠᠰᠤᠷᠠᠯᠲᠠ ᠥᠬᠡᠶ ᠴᠢᠩᠭᠠᠷᠠᠭᠤᠯᠵᠤ᠂ ᠪᠣᠯᠪᠠᠰᠤᠷᠠᠯ ᠤᠨ ᠬᠡᠪᠴᠢᠶ᠎ᠡ ᠪᠠᠨ ᠥᠷᠭᠡᠳᠬᠡᠨ᠂ ᠪᠣᠯᠪᠠᠰᠤᠷᠠᠯ ᠤᠨ ᠲᠥᠷᠥᠯ ᠵᠦᠢᠯ ᠢᠶᠠᠨ ᠨᠡᠮᠡᠭᠳᠡᠭᠦᠯᠵᠦ᠂ ᠨᠡᠩ ᠣᠯᠠᠨ ᠬᠥᠳᠡᠯᠮᠦᠷᠢᠴᠢᠳ ᠲᠤ ᠴᠢᠨᠠᠷ ᠰᠠᠶᠢᠲᠠᠢ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠦᠢᠯᠡᠴᠢᠯᠡᠭᠡ ᠬᠠᠩᠭᠠᠪᠠ᠃ ᠡᠭᠦᠨ ᠤ ᠬᠠᠮᠲᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠲᠤᠬᠠᠢ ᠶᠢᠨ ᠭᠠᠵᠠᠷ ᠤᠨ ᠠᠵᠤ ᠦᠢᠯᠡᠰ ᠤᠨ ᠬᠥᠭᠵᠢᠯᠲᠡ ᠪᠠ ᠵᠠᠬ᠎ᠠ ᠳᠡᠯᠭᠡᠭᠦᠷ ᠤᠨ ᠬᠡᠷᠡᠭᠴᠡᠭᠡ ᠲᠠᠢ ᠤᠶᠠᠯᠳᠤᠭᠤᠯᠤᠨ᠂ ᠬᠢᠩᠭᠠᠨ ᠠᠶᠢᠮᠠᠭ ᠤᠨ ᠫᠧᠩ ᠳ᠋ᠡ ᠠᠵᠢᠯ ᠮᠡᠷᠭᠡᠵᠢᠯ ᠤᠨ ᠰᠤᠷᠭᠠᠭᠤᠯᠢ ᠳᠤ ᠭᠤᠣᠯᠳᠠᠯᠭ᠎ᠠ ᠲᠠᠢ ᠲᠦᠰᠢᠭᠯᠡᠨ ᠬᠠᠨᠳᠤᠯᠭᠠᠲᠤ ᠴᠢᠨᠠᠷᠲᠠᠢ ᠤᠷ᠎ᠠ ᠴᠢᠳᠠᠪᠤᠷᠢ ᠶᠢᠨ ᠪᠣᠯᠪᠠᠰᠤᠷᠠᠯ ᠥᠷᠨᠢᠭᠦᠯᠵᠦ᠂ ᠲᠤᠬᠠᠢ ᠶᠢᠨ ᠭᠠᠵᠠᠷ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠪᠡ᠃ 2024 ᠣᠨ ᠳᠤ᠂ ᠪᠦᠬᠦ ᠬᠤᠰᠢᠭᠤᠨ ᠳᠤ 1460 ᠮᠠᠯᠴᠢᠨ ᠲᠠᠷᠢᠶᠠᠴᠢᠨ ᠢ ᠪᠣᠯᠪᠠᠰᠤᠷᠠᠭᠤᠯᠬᠤ ᠪᠠᠷ ᠲᠥᠯᠥᠪᠯᠡᠵᠦ᠂ ᠣᠳᠣ ᠨᠢᠭᠡᠨᠲᠡ 3 ᠠᠩᠭᠢ ᠤᠳᠠᠭ᠎ᠠ ᠮᠠᠯᠴᠢᠨ ᠲᠠᠷᠢᠶᠠᠴᠢᠨ ᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠢ ᠥᠷᠨᠢᠭᠦᠯᠵᠦ᠂ 200 ᠭᠠᠷᠤᠢ ᠬᠥᠮᠦᠨ ᠢ ᠪᠣᠯᠪᠠᠰᠤᠷᠠᠭᠤᠯᠪᠠ᠃ ︵ᠶᠠᠩ ᠰᠢᠶᠣᠣ ᠰᠢᠶᠠ︶
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号