︽ᠬᠢᠩᠭᠠᠨ ᠤ ᠰᠠᠶᠢᠨ ᠬᠥᠮᠦᠨ︾ ︽ᠦᠨᠡᠨᠴᠢ ᠢᠲᠡᠭᠡᠮᠵᠢᠲᠡᠢ︾ ᠬᠥᠮᠦᠨ ᠤ ᠠᠮᠢᠳᠤᠷᠠᠯ ᠢ ᠪᠢᠴᠢᠭᠯᠡᠨ᠎ᠡ
ᠨᠡᠶᠢᠲᠡᠯᠡᠭᠰᠡᠨ ᠴᠠᠭ᠄
2024/4/22
   ᠥᠷᠯᠥᠭᠡ ᠡᠷᠲᠡ ᠶᠢᠨ 4 ᠴᠠᠭ ᠤᠨ ᠦᠶ᠎ᠡ ᠪᠠᠷ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠰᠢᠶᠧ ᠶᠢᠩ ᠴᠦᠨ ᠶᠠᠭ ᠰᠠᠶᠢᠬᠠᠨ ᠵᠡᠭᠡᠯᠢ ᠭᠤᠳᠤᠮᠵᠢ ᠶᠢ ᠴᠡᠪᠡᠷᠯᠡᠵᠦ᠂ ᠪᠦᠦ ᠸᠧᠨ ᠴᠧᠩ ᠳᠡᠯᠭᠡᠭᠦᠷ ᠤᠨ ᠡᠭᠦᠳᠡᠨ ᠡᠮᠦᠨᠡᠬᠢ ᠵᠠᠮ ᠤᠨ ᠬᠡᠰᠡᠭ ᠲᠤ ᠬᠦᠷᠲᠡᠯ᠎ᠡ ᠱᠦᠭᠦᠷᠳᠡᠨ ᠴᠡᠪᠡᠷᠯᠡᠵᠦ᠂ ᠥᠩᠭᠡᠷᠡᠭᠰᠡᠨ ᠳᠤ ᠠᠳᠠᠯᠢᠬᠠᠨ ᠲᠡᠷᠢ ᠲᠡᠭᠰᠢ ᠴᠠᠭᠠᠰᠤᠨ ᠬᠠᠯᠢᠰᠤ ᠪᠠ ᠷᠠᠰᠢᠶᠠᠨ ᠤᠰᠤᠨ ᠤ ᠯᠣᠩᠬᠤ ᠣᠯᠵᠠᠢ᠂ ᠡᠨᠡ ᠪᠣᠯ ᠨᠢᠭᠡᠨᠲᠡ ᠰᠢᠶᠧ ᠶᠢᠩ ᠴᠦᠨ 4 ᠵᠢᠯ ᠳᠠᠷᠠᠭᠠᠯᠠᠨ ᠡᠶᠢᠮᠦ ᠪᠣᠷᠣᠭᠵᠢᠭᠤᠨ ︽ᠪᠡᠯᠡᠭ︾᠎ ᠢ ᠬᠦᠯᠢᠶᠡᠨ ᠠᠪᠤᠭᠰᠠᠨ ᠶᠠᠪᠤᠳᠠᠯ ᠪᠣᠯᠤᠨ᠎ᠠ᠃    ᠰᠢᠯᠲᠠᠭᠠᠨ ᠢ ᠠᠰᠠᠭᠤᠬᠤ ᠳᠤ ᠪᠠᠰᠠ 2020 ᠣᠨ ᠤ ᠡᠪᠦᠯ ᠠᠴᠠ ᠡᠬᠢᠯᠡᠵᠦ ᠶᠠᠷᠢᠨ᠎ᠠ᠃ ᠴᠡᠭᠡᠵᠢᠯᠡᠵᠦ ᠪᠠᠶᠢᠬᠤ ᠪᠠᠷ ᠡᠮᠦᠨ᠎ᠡ ᠨᠢᠭᠡ ᠡᠳᠦᠷ ᠶᠡᠭᠡ ᠴᠠᠰᠤ ᠣᠷᠣᠵᠤ᠂ ᠬᠠᠷᠠᠩᠭᠤᠢ ᠵᠠᠮ ᠳᠡᠭᠡᠷ᠎ᠡ ᠣᠨᠴᠠᠭᠠᠢ ᠬᠠᠬᠢᠷ ᠬᠦᠢᠲᠡᠨ᠂ ᠰᠢᠶᠧ ᠶᠢᠩ ᠴᠦᠨ ᠶᠠᠭ ᠬᠤᠷᠠᠭᠰᠠᠨ ᠴᠠᠰᠤ ᠶᠢ ᠴᠡᠪᠡᠷᠯᠡᠵᠦ᠂ ᠠᠶᠠᠷᠯᠠᠨ ᠶᠠᠷᠢᠯᠴᠠᠬᠤ ᠶᠠᠪᠤᠴᠠ ᠳᠤ ᠪᠦᠦ ᠸᠧᠨ ᠴᠧᠩ ᠰᠢᠶᠧ ᠶᠢᠩ ᠴᠦᠨ ᠤ ᠭᠡᠷ ᠤᠨ ᠪᠠᠶᠢᠳᠠᠯ ᠢ ᠣᠶᠢᠯᠠᠭᠠᠵᠤ᠂ ᠡᠭᠡᠯᠵᠢ ᠠᠮᠠᠷᠠᠬᠤ ᠦᠶ᠎ᠡ ᠳᠤ ᠪᠠᠰᠠ ᠠᠲᠠᠷ ᠬᠠᠭᠠᠯᠪᠤᠷᠢᠯᠠᠨ ᠠᠮᠢᠳᠤᠷᠠᠯ ᠢᠶᠠᠨ ᠠᠷᠭᠠᠴᠠᠵᠤ᠂ ᠪᠦᠦ ᠸᠧᠨ ᠴᠧᠩ ᠳᠠᠷᠤᠢ ᠰᠢᠶᠧ ᠶᠢᠩ ᠴᠦᠨ ᠲᠠᠢ ᠪᠣᠯᠵᠣᠨ ᠲᠣᠭᠲᠠᠵᠤ᠂ ᠡᠳᠦᠷ ᠪᠦᠷᠢ ᠶᠢᠨ ᠵᠠᠮ ᠥᠩᠭᠡᠷᠡᠬᠦ ᠦᠶ᠎ᠡ ᠳᠤ ᠴᠠᠭᠠᠰᠤᠨ ᠬᠠᠯᠢᠰᠤ ᠪᠣᠯᠤᠨ ᠤᠰᠤᠨ ᠯᠣᠩᠬᠤ ᠶᠢ ᠠᠪᠴᠤ ᠶᠠᠪᠤᠪᠠ᠃    ᠡᠨᠡ ᠪᠣᠯ ᠵᠥᠪᠬᠡᠨ ᠪᠦᠦ ᠸᠧᠨ ᠴᠧᠩ ᠨᠤᠲᠤᠭ ᠢᠶᠠᠨ ᠲᠡᠵᠢᠭᠡᠬᠦ ᠳᠡᠭᠡᠨ ᠠᠪᠴᠢᠭᠤᠯᠤᠭᠰᠠᠨ ᠳᠦᠷᠰᠦ ᠶᠤᠮ᠂ ᠲᠡᠭᠦᠨ ᠢ ᠲᠤᠬᠠᠢ ᠶᠢᠨ ᠭᠠᠵᠠᠷ ᠤᠨ ᠬᠥᠮᠦᠰ ᠡᠯᠢᠭᠡᠰᠡᠭ ᠢᠶᠠᠷ ︽ᠰᠢᠶᠣᠤ ᠪᠣᠣ ᠨᠥᠬᠦᠷ︾ ᠭᠡᠪᠡ᠃ ᠡᠨᠡ ᠵᠢᠯ ᠤᠨ 3 ᠰᠠᠷ᠎ᠠ ᠳᠤ᠂ ︽ᠰᠢᠶᠣᠤ ᠪᠦᠦ ᠨᠥᠬᠦᠷ︾ ︽ᠬᠢᠩᠭᠠᠨ ᠤ ᠰᠠᠶᠢᠨ ᠬᠥᠮᠦᠨ︾᠎ ᠤ ᠢᠷᠠᠭᠤ ᠠᠯᠳᠠᠷ ᠤᠨ ᠴᠣᠯᠠ ᠶᠢ ᠬᠦᠷᠲᠡᠵᠦ᠂ ᠡᠨᠡ ᠬᠦ ᠴᠣᠯᠠ ᠪᠣᠯ ᠭᠡᠷ ᠤᠨ ᠬᠥᠮᠦᠰ ᠠᠴᠠ ᠲᠡᠭᠦᠨ ᠳᠤ ᠣᠯᠭᠤᠭᠰᠠᠨ ᠵᠥᠪᠰᠢᠶᠡᠷᠡᠯ ᠪᠠ ᠨᠤᠲᠠᠯᠠᠯᠲᠠ ᠪᠣᠯᠤᠨ᠎ᠠ᠃    ᠡᠵᠡᠩᠨᠡᠯᠲᠡ ᠶᠢᠨ ᠠᠷᠭ᠎ᠠ ᠵᠠᠮ ᠪᠣᠯ ︽ᠦᠨᠡᠨᠴᠢ︾᠎ ᠳᠤ ᠪᠣᠢ ᠪᠣᠯᠤᠨ᠎ᠠ᠂ ᠠᠰᠢᠭ ᠣᠯᠵᠠᠪᠤᠷᠢ ᠶᠢᠨ ᠠᠷᠭ᠎ᠠ ᠵᠠᠮ ︽ᠢᠲᠡᠭᠡᠮᠵᠢ︾᠎ ᠳᠤ ᠪᠤᠢ    2006 ᠣᠨ ᠳᠤ᠂ ᠶᠡᠭᠡ ᠰᠤᠷᠭᠠᠭᠤᠯᠢ ᠲᠡᠭᠦᠰᠦᠭᠰᠡᠨ ᠤ ᠳᠠᠷᠠᠭᠠᠬᠢ ᠪᠦᠦ ᠸᠧᠨ ᠴᠧᠩ ᠠᠩᠬᠠᠨ ᠤ ᠠᠯᠬᠤᠮ ᠢᠶᠠᠨ ᠡᠬᠢᠯᠡᠭᠦᠯᠵᠦ᠂ ᠬᠡᠳᠦᠨ ᠵᠢᠯ ᠴᠢᠷᠮᠠᠶᠢᠨ ᠲᠡᠮᠡᠴᠡᠬᠦ ᠪᠠᠷ ᠳᠠᠮᠵᠢᠨ᠂ ᠬᠤᠷᠴᠠ ᠰᠡᠷᠭᠡᠭ ᠵᠠᠬ᠎ᠠ ᠳᠡᠯᠭᠡᠭᠦᠷ ᠤᠨ ᠦᠨᠦᠷ ᠲᠤ ᠲᠦᠰᠢᠭᠯᠡᠨ ᠬᠤᠳᠠᠯᠳᠤᠭᠠᠨ ᠤ ᠲᠣᠬᠢᠶᠠᠯ ᠢ ᠣᠯᠵᠤ᠂ 2011 ᠣᠨ ᠳᠤ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠩᠬᠠᠳᠠᠭᠴᠢ ᠴᠠᠭ ᠤᠨ ᠥᠩᠭᠡ ᠶᠢ ᠲᠡᠭᠠᠬᠰᠡᠠ ᠭᠤᠣᠯ ᠰᠡᠳᠦᠪᠲᠦ ᠵᠣᠴᠢᠳ ᠤᠨ ᠪᠠᠭᠤᠳᠠᠯ ᠢ ᠪᠠᠶᠢᠭᠤᠯᠵᠤ᠂ ᠦᠨᠡᠨᠴᠢ ᠢᠲᠡᠭᠡᠮᠵᠢᠲᠡᠢ ᠪᠠᠷ ᠡᠵᠡᠩᠨᠡᠬᠦ ᠣᠶᠢᠯᠠᠭᠠᠭᠳᠠᠬᠤᠨ ᠢ ᠪᠠᠷᠢᠮᠲᠠᠯᠠᠨ᠂ ᠵᠣᠴᠢᠳ ᠤᠨ ᠪᠠᠭᠤᠳᠠᠯ ᠤᠨ ᠠᠷᠠᠯᠵᠢᠶ᠎ᠠ ᠨᠢ ᠶᠠᠪᠤᠬᠤ ᠲᠤᠲᠤᠮ ᠰᠠᠶᠢᠵᠢᠷᠠᠪᠠ᠃ ᠭᠡᠷ ᠪᠦᠯᠢ ᠪᠠᠶᠢᠭᠤᠯᠤᠭᠳᠠᠭᠰᠠᠨ ᠤ ᠳᠠᠷᠠᠭ᠎ᠠ᠂ ᠲᠡᠷᠡ ᠢᠳᠡᠭᠡᠨ ᠤᠮᠳᠠᠭᠠᠨ ᠤ ᠦᠢᠯᠡᠰ ᠡᠷᠬᠢᠯᠡᠭᠰᠡᠨ ᠠᠴᠠ ᠪᠣᠯᠵᠤ᠂ ᠵᠣᠴᠢᠳ ᠲᠤ ᠦᠨᠡᠨᠴᠢ ᠢᠲᠡᠭᠡᠮᠵᠢᠲᠡᠢ ᠦᠢᠯᠡᠴᠢᠯᠡᠬᠦ ᠬᠠᠯᠠᠭᠤᠨ ᠰᠡᠳᠬᠢᠯᠭᠡ ᠠᠴᠠ ᠪᠣᠯᠵᠣ᠂ ᠲᠡᠭᠦᠨ ᠤ ᠡᠵᠡᠩᠨᠡᠵᠦ ᠪᠠᠶᠢᠭ᠎ᠠ ᠪᠠᠭᠤᠳᠠᠯ ᠤᠨ ᠬᠡᠪᠴᠢᠶ᠎ᠡ ᠲᠠᠰᠤᠷᠠᠯᠲᠠ ᠦᠭᠡᠢ ᠥᠷᠭᠡᠳᠪᠡ᠃  ᠲᠡᠷᠡ ᠰᠠᠶᠢᠨ ᠰᠠᠨᠠᠭ᠎ᠠ ᠪᠠ ᠰᠠᠶᠢᠨ ᠮᠡᠳᠡᠯ ᠢᠶᠠᠷ ᠠᠷᠠᠳ ᠣᠯᠠᠨ ᠤ ︽ᠬᠡᠯᠡᠨ ᠤ ᠦᠵᠦᠭᠦᠷ ᠳᠡᠭᠡᠷᠡᠬᠢ︾ ᠠᠮᠤᠷ  ᠲᠦᠪᠰᠢᠨ ᠢ ᠰᠠᠬᠢᠵᠤ ᠪᠠᠶᠢᠨ᠎ᠠ᠃ ︽ᠪᠢᠳᠡ ᠵᠣᠴᠢᠳ ᠢᠶᠠᠷ ᠪᠠᠵᠠᠭᠠᠭᠰᠠᠨ ᠵᠠᠭᠤᠰᠢ ᠶᠢ ᠭᠡᠷ ᠤᠨ ᠬᠥᠮᠦᠰ ᠪᠣᠯᠭᠠᠭᠠᠳ ᠪᠦᠷ ᠬᠢᠵᠦ ᠥᠭᠲᠡᠭ ᠶᠤᠮ︾ ᠭᠡᠪᠡ᠃ ︽ᠵᠠᠭᠤᠰᠢᠨ ᠤ ᠵᠦᠢᠯ ᠰᠢᠨ᠎ᠡ ᠰᠣᠷᠭᠤᠭ᠂ ᠦᠨ᠎ᠡ ᠬᠠᠩᠰᠢ ᠨᠢ ᠲᠥᠪ ᠭᠤᠣᠯᠴᠢ ᠲᠤᠯᠠ ᠪᠢᠳᠡ ᠲᠡᠳᠡᠨ ᠲᠠᠢ ᠦᠷᠭᠦᠯᠵᠢ ᠠᠳᠡ ᠢᠷᠡᠵᠦ ᠬᠤᠭᠤᠯᠠ ᠢᠳᠡᠨ᠎ᠡ︾ ᠭᠡᠪᠡ᠃ ᠪᠠᠭᠤᠳᠠᠯ ᠤᠨ ᠰᠢᠨ᠎ᠡ ᠰᠣᠷᠭᠤᠭ ᠢᠳᠡᠭᠡᠨ ᠤ ᠲᠣᠭᠤᠷᠢᠭ ᠪᠠ ᠢᠳᠡᠰᠢᠨ ᠨᠣᠭᠤᠭ᠎ᠠ ᠶᠢᠨ ᠲᠣᠭᠤᠷᠢᠭ ᠲᠤ᠂ ᠪᠦᠦ ᠸᠧᠨ ᠴᠧᠩ ᠢᠳᠡᠭᠡᠨ ᠤ ᠮᠠᠲ᠋ᠧᠷᠢᠶᠠᠯ ᠢ ᠪᠠᠶᠢᠴᠠᠭᠠᠨ ᠦᠵᠡᠬᠦ᠂ ᠡᠷᠡᠭᠦᠯ ᠬᠠᠮᠠᠭᠠᠯᠠᠯ ᠢ ᠪᠠᠶᠢᠴᠠᠭᠠᠬᠤ ᠪᠠᠷ᠎ᠠ ᠰᠡᠭᠦᠳᠡᠷ ᠨᠠᠷᠢᠨ ᠪᠥᠭᠡᠳ ᠴᠢᠩᠭ᠎ᠠ ᠪᠠᠶᠢᠬᠤ ᠶᠢ ᠦᠷᠭᠦᠯᠵᠢ ᠣᠯᠵᠤ ᠬᠠᠷᠠᠳᠠᠭ᠃ 2017 ᠣᠨ ᠳᠤ ᠪᠦᠦ ᠸᠧᠨ ᠴᠧᠩ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠢᠳᠡᠭᠡᠨ ᠤᠮᠳᠠᠭᠠᠨ ᠤ ᠨᠡᠶᠢᠭᠡᠮᠯᠢᠭ ᠤᠨ ᠳᠡᠳ᠋ ᠳᠠᠷᠤᠭ᠎ᠠ ᠪᠠᠷ ᠰᠣᠩᠭᠤᠭᠳᠠᠪᠠ᠃    ᠪᠦᠦ ᠸᠧᠨ ᠴᠧᠩ ᠵᠣᠴᠢᠳ ᠤᠨ ᠮᠠᠭᠲᠠᠭᠠᠯ ᠰᠠᠶᠢᠰᠢᠶᠠᠯ ᠢ ᠣᠯᠤᠭᠰᠠᠨ ᠢᠶᠠᠷ ᠪᠠᠷᠠᠬᠤ ᠦᠭᠡᠢ᠂ ᠠᠵᠢᠯᠲᠠᠨ ᠪᠠ ᠪᠠᠷᠠᠭ᠎ᠠ ᠬᠠᠩᠭᠠᠬᠤ ᠬᠤᠳᠠᠯᠳᠤᠭᠠᠴᠢᠨ ᠤ ᠢᠲᠡᠭᠡᠯ ᠢ ᠴᠤ ᠭᠦᠨ ᠣᠯᠵᠠᠢ᠃ 13 ᠵᠢᠯ ᠤᠨ ᠲᠤᠷᠱᠢ᠂ ᠲᠡᠷᠡ ᠠᠵᠢᠯᠲᠠᠨ ᠤ ᠴᠠᠯᠢᠩ ᠢ ᠶᠡᠷᠦ ᠠᠴᠠ ᠥᠷᠢᠲᠦᠵᠦ ᠥᠩᠭᠡᠷᠡᠭᠰᠡᠨ ᠦᠭᠡᠢ᠂ ᠪᠠᠰᠠ ᠨᠢᠭᠡ ᠪᠠᠷᠠᠭ᠎ᠠ ᠬᠠᠩᠭᠠᠬᠤ ᠬᠤᠳᠠᠯᠳᠤᠭᠠᠴᠢᠨ ᠤ ᠪᠠᠷᠠᠭᠠᠨ ᠤ ᠮᠥᠩᠭᠦ ᠶᠢ ᠶᠡᠷᠦ ᠠᠴᠠ ᠥᠷᠢᠲᠦᠵᠦ ᠥᠩᠭᠡᠷᠡᠭᠰᠡᠨ ᠦᠭᠡᠢ᠃ 2020 ᠣᠨ ᠳᠤ ᠭᠠᠳᠠᠭᠠᠳᠤ ᠣᠷᠴᠢᠨ ᠲᠣᠭᠤᠷᠢᠨ ᠤ ᠨᠥᠯᠥᠭᠡᠯᠡᠯ ᠠᠴᠠ ᠪᠣᠯᠵᠤ᠂ ᠪᠠᠭᠤᠳᠠᠯ ᠤᠨ ᠡᠵᠡᠩᠨᠡᠯᠲᠡ ᠳᠤ ᠬᠦᠴᠢᠷᠳᠡᠯ ᠲᠤᠯᠭᠠᠷᠠᠵᠤ᠂ ᠡᠶᠢᠮᠦᠷᠬᠦ ᠪᠠᠶᠢᠳᠠᠯ ᠳᠣᠣᠷ᠎ᠠ᠂ ᠪᠦᠦ ᠸᠧᠨ ᠴᠧᠩ ᠮᠥᠨ ᠯᠡ ︽ᠠᠵᠢᠯᠲᠠᠨ ᠢ ᠬᠠᠰᠤᠬᠤ ᠦᠭᠡᠢ᠂ ᠴᠠᠯᠢᠩ ᠢ ᠪᠠᠭᠤᠷᠠᠭᠤᠯᠬᠤ ᠦᠭᠡᠢ᠂ ᠴᠠᠯᠢᠩ ᠥᠷᠢᠲᠦᠬᠦ ᠦᠭᠡᠢ︾ ︽ᠭᠤᠷᠪᠠᠨ ᠦᠭᠡᠢ︾ ᠭᠡᠰᠡᠨ ᠠᠮᠠᠯᠠᠯᠲᠠ ᠶᠢ ᠳᠤᠷᠠᠳᠤᠨ ᠭᠠᠷᠭᠠᠪᠠ᠃    ᠶᠠᠭᠤᠨ ᠳᠤ ᠢᠩᠭᠢᠵᠦ ᠬᠢᠬᠦ ᠪᠤᠢ︖ ᠪᠦᠦ ᠸᠧᠨ ᠴᠧᠩ ᠰᠤᠷᠪᠤᠯᠵᠢᠯᠠᠬᠴᠢ ᠳᠤ ᠬᠡᠯᠡᠬᠦ ᠳᠡᠭᠡᠨ᠄ ︽ᠮᠢᠨᠦ ᠬᠥᠯᠥᠰᠥᠨ ᠠᠵᠢᠯᠴᠢᠨ ᠤ ᠣᠯᠠᠩᠬᠢ ᠨᠢ ᠮᠠᠨ ᠤ ᠲᠤᠬᠠᠢ ᠶᠢᠨ ᠭᠠᠵᠠᠷ ᠤᠨ ᠠᠵᠢᠯ ᠤᠨ ᠪᠠᠶᠢᠷᠢ ᠠᠴᠠ ᠪᠠᠨ ᠪᠠᠭᠤᠭᠰᠠᠨ ᠠᠵᠢᠯᠲᠠᠨ ᠠᠵᠢᠯᠴᠢᠨ ᠮᠥᠨ᠂ ᠠᠵᠢᠯᠲᠠᠨ ᠨᠢᠭᠡᠪᠦᠷᠢ ᠶᠢᠨ ᠠᠷᠤ ᠳᠤ ᠴᠥᠮ ᠭᠡᠷ ᠪᠦᠯᠢ ᠮᠥᠨ᠂ ᠪᠢ ᠨᠡᠯᠢᠶᠡᠳ ᠵᠣᠪᠠᠭ᠋ᠤ ᠲᠠᠢ ᠪᠠᠶᠢᠮᠠᠭᠴᠠ ᠨᠡᠯᠢᠶᠡᠳ ᠬᠦᠴᠢᠷᠳᠡᠵᠦ ᠪᠠᠶᠢᠨ᠎ᠠ᠂ ᠭᠡᠪᠡᠴᠦ ᠮᠢᠨᠦ ᠠᠵᠢᠯᠲᠠᠨ ᠠᠵᠢᠯᠴᠢᠨ ᠢ ᠴᠠᠯᠢᠩ ᠤᠨ ᠠᠰᠠᠭᠤᠳᠠᠯ ᠠᠴᠠ ᠪᠣᠯᠵᠤ ᠰᠠᠶᠢᠨ ᠰᠠᠶᠢᠬᠠᠨ ᠠᠮᠢᠳᠤᠷᠠᠵᠤ ᠴᠢᠳᠠᠬᠤ ᠦᠭᠡᠢ ᠪᠣᠯᠭᠠᠵᠤ ᠶᠠᠭᠠᠬᠢᠭᠰᠠᠨ ᠴᠤ ᠪᠣᠯᠬᠤ ᠦᠭᠡᠢ︾ ᠭᠡᠵᠡᠢ᠃ ᠡᠨᠡ ᠵᠢᠯ ᠤᠨ 3 ᠰᠠᠷ᠎ᠠ ᠳᠤ᠂ ᠪᠦᠦ ᠸᠧᠨ ᠴᠧᠩ ᠵᠣᠴᠢᠳ ᠤᠨ ᠪᠠᠭᠤᠳᠠᠯ ᠨᠢ ︽ᠲᠦᠮᠡᠨ ᠠᠵᠤ ᠠᠬᠤᠶᠢᠯᠠᠯ ᠢᠶᠠᠷ ᠲᠦᠮᠡᠨ ᠲᠣᠰᠬᠤᠨ ᠢ ᠮᠠᠨᠳᠤᠭᠤᠯᠬᠤ︾ ᠠᠵᠢᠯᠯᠠᠭ᠎ᠠ ᠶᠢᠨ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠠᠵᠤ ᠠᠬᠤᠶᠢᠯᠠᠯ ᠢᠶᠠᠷ ᠦᠨᠡᠯᠡᠭᠳᠡᠪᠡ᠃    ᠨᠡᠩ ᠣᠯᠠᠨ ᠬᠥᠮᠦᠨ ᠢ ᠬᠠᠪᠰᠤᠷᠬᠤ ᠶᠢᠨ ᠲᠥᠯᠥᠭᠡ᠂ ᠪᠦᠦ ᠸᠧᠨ ᠴᠧᠩ ᠰᠠᠨᠠᠭᠠᠴᠢᠯᠠᠭ᠎ᠠ ᠠᠴᠠ ᠪᠠᠨ ᠭᠤᠶᠤᠴᠢᠯᠠᠵᠤ᠂ ᠵᠣᠴᠢᠳ ᠤᠨ ᠪᠠᠭᠤᠳᠠᠯ ᠢ ᠲᠠᠯ᠎ᠠ ᠨᠤᠲᠤᠭ ᠤᠨ ᠯᠧᠢ ᠹᠧᠩ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠴᠡᠭ ᠪᠣᠯᠭᠠᠨ ᠪᠠᠶᠢᠭᠤᠯᠪᠠ᠃ 2012 ᠣᠨ ᠤ 7 ᠰᠠᠷ᠎ᠠ ᠳᠤ᠂ ᠪᠦᠦ ᠸᠧᠨ ᠴᠧᠩ ᠪᠣᠯᠤᠨ ᠰᠠᠶᠢᠨ ᠨᠠᠶᠢᠵᠠ ᠦ᠋ ᠴᠤᠯᠮᠤᠨ ᠲᠠᠢ ᠡᠯᠡᠰᠦᠨ ᠰᠢᠭᠤᠷᠭᠠᠨ ᠤ ᠨᠡᠶᠢᠲᠡ ᠶᠢᠨ ᠠᠰᠠᠷᠠᠮᠵᠢ ᠶᠢᠨ ᠠᠪᠤᠷᠠᠨ ᠲᠤᠰᠠᠯᠠᠬᠤ ᠲᠡᠷᠭᠡᠨ ᠠᠩᠭᠢ ᠪᠠᠶᠢᠭᠤᠯᠵᠤ᠂ ᠬᠦᠴᠢᠷᠳᠡᠯ ᠳᠤ ᠤᠴᠠᠷᠠᠭᠰᠠᠨ ᠵᠢᠯᠣᠭᠤᠴᠢ᠂ ᠲᠡᠷᠭᠡᠨ ᠡᠵᠡᠨ ᠳᠤ ᠰᠦᠢᠳᠬᠡᠯ ᠬᠤᠷᠢᠶᠠᠬᠤ ᠦᠭᠡᠢ ᠪᠠᠷ ᠠᠯᠪᠠᠨ ᠵᠢᠷᠤᠮ ᠤᠨ ᠠᠪᠤᠷᠠᠨ ᠲᠤᠰᠠᠯᠠᠬᠤ ᠶᠢ ᠬᠡᠷᠡᠭᠵᠢᠭᠦᠯᠵᠡᠢ᠃ ᠣᠶᠢᠯᠠᠭᠠᠭᠰᠠᠨ ᠢᠶᠠᠷ᠂ ᠡᠨᠡ ᠪᠣᠯ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠶᠢᠷ᠎ᠠ ᠬᠠᠯᠠᠮᠵᠢᠲᠤ ᠬᠥᠮᠦᠨ ᠢᠶᠠᠷ ᠪᠦᠷᠢᠯᠳᠦᠭᠰᠡᠨ ᠴᠤᠷ ᠤᠨ ᠭᠠᠭᠴᠠ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠵᠠᠮ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠩᠨᠡᠭᠡ ᠪᠣᠯᠤᠨ᠎ᠠ᠂ ᠲᠡᠳᠡ ᠳᠠᠭᠤᠳᠠᠪᠠᠯ ᠵᠠᠪᠠᠯ ᠭᠦᠢᠴᠡᠳᠬᠡᠬᠦ᠂ ᠦᠨ᠎ᠡ ᠲᠥᠯᠥᠪᠦᠷᠢ ᠦᠭᠡᠢ ᠪᠠᠷ ᠲᠡᠷᠭᠡ ᠬᠥᠰᠬᠡ ᠳᠤ ᠴᠠᠬᠢᠯᠭᠠᠨ ᠲᠠᠯᠪᠢᠵᠤ ᠥᠭᠬᠦ ᠵᠡᠷᠭᠡ ᠠᠪᠤᠷᠠᠨ ᠲᠤᠰᠠᠯᠠᠬᠤ ᠦᠢᠯᠡᠴᠢᠯᠡᠭᠡ ᠬᠠᠩᠭᠠᠵᠤ᠂ ᠨᠡᠶᠢᠲᠡ ᠶᠢᠨ ᠠᠰᠠᠷᠠᠮᠵᠢ ᠶᠢᠨ ᠵᠠᠮ ᠳᠡᠭᠡᠷ᠎ᠡ ᠲᠠᠰᠤᠷᠠᠯᠲᠠ ᠦᠭᠡᠢ ᠠᠯᠬᠤᠬᠤ ᠪᠣᠯᠤᠨ᠎ᠠ᠃    ᠣᠳᠣᠬᠠᠨ ᠪᠣᠯᠲᠠᠯ᠎ᠠ᠂ ᠲᠣᠰ ᠡᠩᠨᠡᠭᠡ ᠨᠢᠭᠡᠨᠲᠡ 360 ᠭᠠᠷᠤᠢ ᠠᠪᠤᠷᠠᠨ ᠲᠤᠰᠠᠯᠠᠵᠤ᠂ ᠬᠠᠮᠤᠭ ᠠᠩᠬᠠᠨ ᠤ 12 ᠬᠥᠮᠦᠨ ᠠᠴᠠ 110 ᠬᠥᠮᠦᠨ ᠪᠣᠯᠤᠨ ᠬᠥᠭᠵᠢᠪᠡ᠃ ︽ᠪᠢᠳᠡ ᠡᠯ᠎ᠡ ᠠᠵᠢᠯ ᠲᠥᠷᠥᠯ ᠠᠴᠠ ᠢᠷᠡᠵᠦ᠂ ᠴᠠᠭᠳᠠᠭ᠎ᠠ᠂ ᠪᠠᠭᠰᠢ᠂ ᠠᠯᠪᠠᠲᠠᠨ᠂ ᠠᠵᠤ ᠠᠬᠤᠶᠢᠯᠠᠯ ᠤᠨ ᠠᠵᠢᠯᠲᠠᠨ ᠵᠡᠷᠭᠡ ᠶᠢ ᠪᠠᠭᠲᠠᠭᠠᠵᠤ᠂ ᠬᠥᠮᠦᠨ ᠪᠦᠷᠢ ᠴᠥᠮ ᠬᠦᠴᠢᠷᠳᠡᠯ ᠲᠠᠢ ᠦᠶ᠎ᠡ ᠳᠤ ᠨᠢᠭᠡ ᠶᠢ ᠬᠠᠪᠰᠤᠷᠴᠤ ᠲᠠᠶᠢᠯᠤᠨ᠎ᠠ︾ ᠭᠡᠵᠦ ᠬᠡᠯᠡᠪᠡ᠃ ᠱᠠ ᠹᠠᠨ ᠬᠡᠭᠡᠷᠡᠯᠡᠨ ᠠᠶᠠᠯᠠᠬᠤ ᠨᠡᠶᠢᠲᠡ ᠶᠢᠨ ᠠᠰᠠᠷᠠᠮᠵᠢ ᠶᠢᠨ ᠠᠪᠤᠷᠠᠨ ᠲᠤᠰᠯᠠᠬᠤ ᠠᠩᠭᠢ ᠶᠢᠨ ᠳᠠᠷᠤᠭ᠎ᠠ ᠡᠤ ᠴᠤᠯᠮᠤᠨ ᠬᠡᠯᠡᠪᠡ᠃    ᠡᠨᠡ ᠵᠢᠯ ᠤᠨ 3 ᠰᠠᠷ᠎ᠠ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠬᠤᠷᠴᠢᠨ ᠤ ᠡᠯᠡᠰᠦᠷᠬᠡᠭ ᠭᠠᠵᠠᠷ ᠢ ᠵᠠᠰᠠᠬᠤ ᠢᠨᠵᠧᠨᠧᠷᠢᠩ ᠢ ᠪᠦᠬᠦ ᠲᠠᠯ᠎ᠠ ᠪᠠᠷ ᠡᠬᠢᠯᠡᠭᠦᠯᠵᠦ᠂ ᠪᠦᠦ ᠸᠧᠨ ᠴᠧᠩ ︽ᠨᠤᠲᠤᠭ ᠤᠰᠤ ᠪᠠᠨ ᠨᠣᠭᠤᠭᠠᠷᠠᠭᠤᠯᠬᠤ ᠪᠣᠯ ᠮᠠᠨ ᠤ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠥᠮᠦᠨ ᠨᠢᠭᠡᠪᠦᠷᠢ ᠶᠢᠨ ᠬᠠᠷᠢᠭᠤᠴᠠᠯᠭ᠎ᠠ ᠮᠥᠨ︾ ᠭᠡᠵᠦ ᠬᠡᠯᠡᠪᠡ᠃ ᠲᠡᠷᠡ ᠤᠷᠢᠶᠠᠯᠠᠭ᠎ᠠ ᠶᠢ ᠢᠳᠡᠪᠬᠢᠲᠡᠢ ᠴᠤᠤᠷᠢᠶᠠᠲᠤᠨ ᠳᠠᠭᠠᠵᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ 20 ᠭᠠᠷᠤᠢ ᠠᠵᠤ ᠠᠬᠤᠶᠢᠯᠠᠯ᠂ ᠬᠠᠤᠯᠢ ᠶᠢᠨ ᠡᠷᠬᠡᠲᠡᠨ ᠤ ᠲᠥᠯᠥᠭᠡᠯᠡᠭᠴᠢ ᠶᠢ ᠲᠠᠶᠢᠴᠢᠯᠠᠨ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠠᠵᠢᠯᠯᠠᠭ᠎ᠠ ᠳᠤ ᠣᠷᠣᠯᠴᠠᠭᠤᠯᠪᠠ᠃    ︽ᠬᠤᠷᠴᠢᠨ ᠤ ᠡᠯᠡᠰᠦᠷᠬᠡᠭ ᠭᠠᠵᠠᠷ ᠢ ᠵᠠᠰᠠᠬᠤ ᠢᠨᠵᠧᠨᠧᠷᠢᠩ ᠪᠣᠯ ᠣᠳᠣ ᠦᠶ᠎ᠡ ᠳᠤ ᠭᠠᠪᠢᠶ᠎ᠠ ᠪᠠᠶᠢᠭᠤᠯᠵᠤ᠂ ᠥᠨᠢ ᠡᠭᠦᠷᠢᠳᠡ ᠠᠰᠢᠭ ᠲᠤᠰᠠ ᠲᠠᠢ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠢᠨᠵᠧᠨᠧᠷᠢᠩ ᠮᠥᠨ ᠂ ᠦᠵᠡᠰᠬᠦᠯᠡᠩᠲᠦ ᠰᠠᠶᠢᠬᠠᠨ ᠪᠣᠬᠢᠷᠲᠤᠯ ᠦᠭᠡᠢ ᠨᠤᠲᠤᠭ ᠤᠰᠤ ᠪᠠᠨ ᠪᠦᠲᠦᠭᠡᠨ ᠪᠠᠶᠢᠭᠤᠯᠬᠤ ᠨᠢ ᠪᠦᠬᠦ ᠨᠡᠶᠢᠭᠡᠮ ᠳᠤ ᠬᠤᠯᠪᠣᠭᠳᠠᠵᠤ᠂ ᠲᠠᠨ ᠤ ᠪᠢᠳᠡ ᠨᠡᠷ ᠲᠠᠢ ᠬᠤᠯᠪᠣᠭᠳᠠᠨ᠎ᠠ︾ ᠭᠡᠵᠡᠢ᠃ 4 ᠰᠠᠷ᠎ᠠ ᠶᠢᠨ 1᠎ ᠤ ᠡᠳᠦᠷ᠂ ᠪᠦᠦ ᠸᠧᠨ ᠴᠧᠩ ᠰᠠᠨᠠᠭᠠᠴᠢᠯᠠᠭ᠎ᠠ ᠭᠠᠷᠭᠠᠵᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠬᠥᠮᠦᠰ ᠤᠨ ᠬᠤᠷᠴᠢᠨ ᠤ ᠡᠯᠡᠰᠦᠷᠬᠡᠭ ᠭᠠᠵᠠᠷ ᠢ ᠵᠠᠰᠠᠬᠤ ᠢᠨᠵᠧᠨᠧᠷᠢᠩ ᠳᠤ ᠪᠡᠯᠡ ᠮᠥᠩᠭᠦ ᠬᠠᠨᠳᠢᠪᠯᠠᠬᠤ ᠶᠢ ᠰᠠᠨᠠᠭᠠᠴᠢᠯᠠᠪᠠ᠃    ᠦᠢᠯᠡ ᠠᠵᠢᠯᠯᠠᠭ᠎ᠠ ᠪᠣᠯ ᠬᠠᠮᠤᠭ ᠤᠨ ᠬᠦᠴᠦᠨ ᠲᠠᠢ ᠤᠷᠢᠶᠠᠯᠠᠯ ᠮᠥᠨ᠃ 13 ᠵᠢᠯ ᠤᠨ ᠲᠤᠷᠰᠢ᠂ ᠪᠦᠦ ᠸᠧᠨ ᠴᠧᠩ ᠤᠭ ᠰᠠᠨᠠᠭ᠎ᠠ ᠪᠣᠯᠤᠨ ᠬᠦᠰᠡᠯ ᠵᠡᠭᠦᠳᠦ ᠪᠠᠨ ᠢᠮᠠᠭᠲᠠ ᠪᠠᠲᠤ ᠰᠠᠬᠢᠵᠤ᠂ ᠦᠨᠡᠨᠴᠢ ᠢᠲᠡᠭᠡᠮᠵᠢᠲᠡᠢ ᠪᠠᠶᠢᠬᠤ ᠣᠶᠢᠯᠠᠭᠠᠭᠳᠠᠬᠤᠨ ᠢ ᠪᠠᠷᠢᠮᠲᠠᠯᠠᠵᠤ᠂ ᠲᠦᠷᠭᠡᠨ ᠥᠰᠦᠨ ᠪᠤᠶᠢᠵᠢᠬᠤ ᠶᠢᠨ ᠬᠠᠮᠲᠤ ᠨᠤᠲᠤᠭ ᠤᠰᠤᠨ ᠤ ᠪᠠᠨ ᠠᠬᠠᠰ ᠵᠠᠬᠠᠰ ᠢᠶᠠᠨ ᠬᠠᠷᠢᠭᠤᠯᠬᠤ ᠪᠠᠨ ᠴᠠᠭ ᠢᠮᠠᠭᠲᠠ ᠮᠠᠷᠲᠠᠬᠤ ᠦᠭᠡᠢ᠂ ︽ᠬᠢᠩᠭᠠᠨ ᠤ ᠰᠠᠶᠢᠨ ᠬᠥᠮᠦᠨ︾᠎ ᠢ ᠲᠡᠷᠡ ᠦᠨᠡᠬᠡᠷ ᠨᠡᠷ᠎ᠡ ᠠᠯᠳᠠᠷ ᠢᠶᠠᠨ ᠪᠡᠶᠡᠯᠡᠭᠦᠯᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号