ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠪᠠᠭᠠᠲᠤᠷ ᠦᠨᠳᠦᠰᠦᠨ ᠱᠠᠲᠤᠨ ᠳᠤ ᠭᠦᠨᠵᠡᠭᠡᠶᠢᠷᠡᠨ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠠᠵᠢᠯ ᠢ ᠬᠢᠨᠠᠨ ᠵᠢᠯᠣᠭᠤᠳᠴᠤ ᠪᠠᠶᠢᠴᠠᠭᠠᠪᠠ
ᠨᠡᠶᠢᠲᠡᠯᠡᠭᠰᠡᠨ ᠴᠠᠭ᠄
2024/4/22
   ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠠᠵᠢᠯ ᠤᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ 4 ᠰᠠᠷ᠎ᠠ ᠶᠢᠨ 19᠎ ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠪᠠᠭᠠᠲᠤᠷ ᠪᠠᠶᠠᠨᠬᠤᠰᠢᠭᠤ ᠪᠠᠯᠭᠠᠰᠤᠨ ᠤ ᠬᠠᠷ᠎ᠠ ᠳᠣᠪᠤ ᠭᠠᠴᠠᠭ᠎ᠠ᠂ ᠪᠠᠶᠠᠨᠮᠠᠩᠬ᠎ᠠ ᠰᠤᠮᠤᠨ ᠤ ᠬᠠᠲᠠᠪᠴᠢ ᠭᠠᠴᠠᠭ᠎ᠠ᠂ ᠭᠡᠭᠡᠨ ᠣᠷᠲᠤ ᠭᠠᠴᠠᠭ᠎ᠠ᠂ ᠬᠤᠶᠠᠷᠨᠠᠭᠤᠷ ᠰᠤᠮᠤ ᠶᠢᠨ ᠴᠠᠭᠠᠨ ᠳᠣᠪᠤ ᠭᠠᠴᠠᠭ᠎ᠠ᠂ ᠬᠤᠸᠠ ᠳ᠋ᠧᠩ ᠭᠠᠴᠠᠭ᠎ᠠ᠂ ᠪᠠᠶᠠᠨᠨᠠᠭᠤᠷ ᠰᠤᠮᠤ ᠶᠢᠨ ᠪᠠᠶᠠᠨᠨᠠᠭᠤᠷ ᠭᠠᠴᠠᠭ᠎ᠠ ᠶᠢ ᠲᠤᠬᠠᠢ ᠶᠢᠨ ᠭᠠᠵᠠᠷ ᠲᠤᠨᠢ ᠰᠢᠮᠳᠠᠭᠤᠯᠤᠨ ᠵᠢᠯᠣᠭᠤᠳᠴᠤ᠂ ᠭᠤᠣᠯᠳᠠᠯᠭ᠎ᠠ ᠲᠠᠢ ᠬᠥᠮᠦᠰ ᠢ ᠬᠠᠮᠢᠶᠠᠷᠤᠨ ᠡᠵᠡᠮᠳᠡᠬᠦ᠂ ᠪᠠᠭᠠᠵᠢ ᠬᠡᠷᠡᠭᠰᠡᠯ ᠢ ᠬᠤᠷᠢᠶᠠᠨ ᠠᠪᠴᠤ ᠢᠳᠬᠠᠨ ᠲᠤᠰᠢᠶᠠᠬᠤ᠂ ᠬᠠᠪᠤᠷ ᠤᠨ ᠲᠠᠷᠢᠶᠠᠯᠠᠭ᠎ᠠ ᠶᠢᠨ ᠬᠤᠭᠤᠴᠠᠭᠠᠨ ᠳᠠᠬᠢ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠠᠷᠢᠯᠭᠠᠬᠤ ᠵᠡᠷᠭᠡ ᠠᠵᠢᠯ ᠢ ᠥᠷᠨᠢᠭᠦᠯᠦᠭᠰᠡᠨ ᠪᠠᠶᠢᠳᠠᠯ ᠢ ᠭᠤᠣᠯᠳᠠᠯᠭ᠎ᠠ ᠲᠠᠢ ᠪᠠᠶᠢᠴᠠᠭᠠᠪᠠ᠃    ᠪᠠᠭᠠᠲᠤᠷ ᠨᠥᠬᠦᠷ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠪᠣᠯ ᠪᠦᠬᠦ ᠬᠤᠰᠢᠭᠤᠨ ᠤ ᠠᠵᠢᠯ ᠤᠨ ᠭᠤᠣᠯᠳᠠᠯᠭ᠎ᠠ ᠪᠣᠯᠬᠤ ᠶᠢ ᠭᠦᠢᠴᠡᠳ ᠲᠠᠨᠢᠵᠤ᠂ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠠᠵᠢᠯ ᠢ ᠡᠷᠬᠡᠪᠰᠢ ᠲᠣᠪᠤᠶᠢᠮ᠎ᠠ ᠪᠠᠶᠢᠷᠢᠨ ᠳᠤ ᠲᠠᠯᠪᠢᠵᠤ᠂ ︽ᠠᠮᠢᠨ ᠬᠡᠷᠡᠭ ᠢ ᠰᠡᠷᠭᠡᠶᠢᠯᠡᠵᠦ ᠪᠣᠯᠬᠤ᠂ ᠠᠮᠢᠨ ᠬᠡᠷᠡᠭ ᠢ ᠵᠠᠪᠠᠯ ᠰᠡᠷᠭᠡᠶᠢᠯᠡᠬᠦ︾ ᠣᠶᠢᠯᠠᠭᠠᠭᠳᠠᠬᠤᠨ ᠢ ᠪᠠᠲᠤ ᠪᠣᠢ ᠪᠣᠯᠭᠠᠬᠤ ᠬᠡᠷᠡᠭᠲᠡᠢ᠃ ᠬᠤᠶᠠᠷ ᠲᠤ ᠂ ᠬᠠᠷᠢᠶ᠎ᠠ ᠣᠷᠣᠨ ᠤ ᠭᠤᠣᠯᠳᠠᠯᠭ᠎ᠠ ᠲᠠᠢ ᠬᠥᠮᠦᠰ ᠤᠨ ᠬᠥᠳᠡᠯᠦᠩᠭᠦᠢ ᠬᠠᠮᠢᠶᠠᠷᠤᠯᠲᠠ ᠶᠢ ᠴᠢᠩᠭᠠᠳᠬᠠᠵᠤ᠂ ᠲᠤᠭ᠎ᠠ ᠪᠦᠷᠢᠳᠬᠡᠯ ᠢ ᠲᠣᠳᠣᠷᠬᠠᠶᠢᠯᠠᠵᠤ᠂ ᠪᠠᠶᠢᠳᠠᠯ ᠢ ᠲᠣᠳᠣᠷᠬᠠᠢ ᠪᠣᠯᠭᠠᠵᠤ᠂ ᠦᠵᠡᠯ ᠰᠠᠨᠠᠭᠠᠨ ᠤ ᠲᠠᠯ᠎ᠠ ᠪᠠᠷ ᠴᠢᠬᠤᠯᠠᠴᠢᠯᠠᠵᠤ᠂ ᠬᠠᠷᠢᠭᠤᠴᠠᠯᠭ᠎ᠠ ᠶᠢᠨ ᠲᠠᠯ᠎ᠠ ᠪᠠᠷ ᠪᠣᠳᠠᠲᠠᠶᠢᠵᠢᠭᠤᠯᠬᠤ ᠶᠢ ᠪᠡᠶᠡᠯᠡᠭᠦᠯᠬᠦ ᠬᠡᠷᠡᠭᠲᠡᠢ᠃ ᠭᠤᠷᠪᠠ ᠳᠤ᠂ ᠵᠠᠬᠢᠷᠤᠨ ᠬᠠᠮᠢᠶᠠᠷᠬᠤ ᠢᠷᠲᠦ ᠪᠠᠭᠠᠵᠢ ᠶᠢ ᠬᠤᠷᠢᠶᠠᠵᠤ ᠢᠳᠬᠠᠨ ᠲᠤᠰᠢᠶᠠᠬᠤ ᠠᠵᠢᠯ ᠢ ᠪᠦᠬᠦ ᠲᠠᠯ᠎ᠠ ᠪᠠᠷ ᠠᠬᠢᠭᠤᠯᠵᠤ ᠂ ᠲᠤᠰᠢᠶᠠᠪᠠᠰᠤ ᠵᠣᠬᠢᠬᠤ ᠶᠢ ᠨᠢ ᠪᠦᠬᠦᠨ ᠢ ᠲᠤᠰᠢᠶᠠᠵᠤ᠂ ᠬᠤᠷᠢᠶᠠᠨ ᠠᠪᠴᠤ ᠬᠡᠷᠡᠭᠯᠡᠬᠦ ᠠᠵᠢᠯ ᠤᠨ ᠡᠬᠡ ᠳᠠᠩᠰᠠ ᠶᠢ ᠲᠡᠭᠦᠯᠳᠡᠷᠵᠢᠭᠦᠯᠬᠦ ᠬᠡᠷᠡᠭᠲᠡᠢ᠃ ᠳᠥᠷᠪᠡ ᠳᠤ᠂ ᠬᠤᠯᠪᠣᠭᠠᠯᠠᠨ ᠬᠠᠮᠵᠢᠯᠴᠠᠬᠤ ᠪᠠᠨ ᠴᠢᠩᠭᠠᠳᠬᠠᠵᠤ᠂ ᠶᠠᠭ ᠰᠠᠶᠢᠬᠠᠨ ᠬᠠᠪᠤᠷ ᠤᠨ ᠲᠠᠷᠢᠶᠠᠯᠠᠭ᠎ᠠ ᠶᠢᠨ ᠬᠤᠭᠤᠴᠠᠭᠠᠨ ᠳᠤ ᠪᠠᠶᠢᠵᠤ᠂ ᠵᠥᠷᠢᠴᠡᠯ ᠵᠢᠭᠤᠷᠠᠯᠳᠤᠭᠠᠨ ᠠᠮᠠᠷᠬᠠᠨ ᠡᠭᠦᠰᠴᠦ ᠣᠯᠠᠨ ᠡᠭᠦᠰᠳᠡᠭ᠂ ᠨᠤᠲᠤᠭ ᠤᠨ ᠮᠡᠷᠭᠡᠳ ᠤᠨ ᠠᠷᠠᠳ ᠤᠨ ᠡᠶᠡᠳᠡᠭᠦᠯᠦᠭᠴᠢ᠂ ᠲᠣᠣᠷᠵᠢᠭᠤᠯᠤᠭᠴᠢ᠂ ᠠᠮᠤᠷ ᠲᠦᠪᠰᠢᠨ ᠤ ᠲᠤᠰᠬᠠᠢ ᠲᠤᠰᠢᠶᠠᠯᠲᠠᠨ᠂ ᠤᠯᠤᠰ ᠲᠥᠷᠥ ᠬᠠᠤᠯᠢ ᠴᠠᠭᠠᠵᠠ ᠶᠢᠨ ᠰᠠᠯᠪᠤᠷᠢ ᠪᠠᠭ᠎ᠠ ᠠᠩᠭᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠵᠥᠷᠢᠴᠡᠯ ᠵᠢᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠬᠦ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠬᠠᠪᠤᠷ ᠤᠨ ᠲᠠᠷᠢᠶᠠᠯᠠᠭ᠎ᠠ ᠶᠢᠨ ᠬᠤᠭᠤᠴᠠᠭᠠᠨ ᠳᠠᠬᠢ ᠨᠡᠶᠢᠭᠡᠮ ᠤᠨ ᠠᠮᠤᠷ ᠲᠦᠪᠰᠢᠨ ᠲᠣᠭᠲᠠᠭᠤᠨ ᠢ ᠪᠠᠲᠤᠯᠠᠬᠤ ᠬᠡᠷᠡᠭᠲᠡᠢ᠃   
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号