ᠬᠤᠰᠢᠭᠤᠨ ᠤ ᠨᠠᠮ ᠤᠨ ᠬᠤᠷᠢᠶᠠᠨ ᠤ ᠱᠦᠵᠢ ᠼᠠᠢ ᠪᠦᠦ ᠵᠢᠶᠦ᠋ᠨ ᠨᠡᠷ ᠰᠢᠨ᠎ᠡ ᠵᠠᠮ ᠰᠤᠮᠤ ᠳᠤ ᠭᠦᠨᠵᠡᠭᠡᠶᠢᠷᠡᠨ ᠡᠯᠡᠰᠦᠷᠬᠡᠭ ᠭᠠᠵᠠᠷ ᠢ ᠵᠠᠰᠠᠬᠤ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2024/4/22
   4 ᠰᠠᠷ᠎ᠠ ᠶᠢᠨ 20᠎ ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠼᠠᠢ ᠪᠦᠦ ᠵᠢᠶᠦ᠋ᠨ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠴᠠᠩ ᠯᠢᠶᠠᠨ ᠵᠤᠸᠠᠩ ᠨᠠᠷ ᠰᠢᠨᠠᠵᠠᠮ ᠰᠤᠮᠤᠨ ᠳᠤ ᠭᠦᠨᠵᠡᠭᠡᠶᠢᠷᠡᠨ ᠡᠯᠡᠰᠦᠷᠬᠡᠭ ᠭᠠᠵᠠᠷ ᠢ ᠵᠠᠰᠠᠬᠤ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃ ᠰᠤᠮᠤᠨ ᠤ ᠨᠠᠮ ᠤᠨ ᠬᠤᠷᠢᠶᠠᠨ ᠤ ᠱᠦᠵᠢ ᠰᠢᠦᠢ ᠲᠢᠶᠠᠨ ᠰᠢᠨ᠂ ᠰᠤᠮᠤᠨ ᠤ ᠨᠠᠮ ᠤᠨ ᠬᠤᠷᠢᠶᠠᠨ ᠤ ᠳᠡᠳ᠋ ᠱᠦᠵᠢ᠂ ᠰᠤᠮᠤᠨ ᠤ ᠳᠠᠷᠤᠭ᠎ᠠ ᠲᠠᠢ ᠬᠠᠮᠲᠤ ᠪᠠᠶᠢᠴᠠᠭᠠᠨ ᠰᠤᠳᠤᠯᠤᠯᠲᠠ ᠬᠢᠪᠡ᠃    ᠼᠠᠢ ᠪᠦᠦ ᠵᠢᠶᠦ᠋ᠨ ᠱᠦᠵᠢ ᠨᠡᠷ ᠤᠷᠢᠳ ᠬᠤᠵᠢᠳ ᠬᠤᠯᠪᠣᠭ᠎ᠠ ᠭᠠᠴᠠᠭ᠎ᠠ ᠶᠢᠨ ᠬᠡᠭᠡᠷ᠎ᠡ ᠶᠢᠨ ᠲᠠᠤᠯᠠᠢ ᠶᠢᠨ ᠪᠥᠭᠡᠷ᠎ᠡ ᠶᠢᠨ ᠰᠠᠭᠤᠷᠢᠨ ᠭᠠᠵᠠᠷ ᠪᠣᠯᠤᠨ ᠵᠢᠶᠧ ᠷᠧᠨ ᠳᠠᠪᠠᠭ᠎ᠠ ᠭᠠᠴᠠᠭ᠎ᠠ ᠶᠢᠨ ᠡᠯᠡᠰᠦᠷᠬᠡᠭ ᠭᠠᠵᠠᠷ ᠢ ᠵᠠᠰᠠᠬᠤ ᠭᠠᠵᠠᠷ ᠲᠤ ᠭᠦᠨᠵᠡᠭᠡᠶᠢᠷᠡᠵᠦ᠂ ᠴᠢᠬᠢ ᠮᠣᠳᠣ ᠲᠠᠷᠢᠬᠤ ᠪᠠ ᠡᠯᠡᠰᠦᠨ ᠬᠠᠯᠬᠠᠪᠴᠢ ᠳᠡᠪᠢᠰᠬᠦ ᠵᠡᠷᠭᠡ ᠲᠥᠷᠥᠯ ᠵᠦᠢᠯ ᠤᠨ ᠪᠠᠷᠢᠯᠭ᠎ᠠ ᠶᠢᠨ ᠠᠬᠢᠴᠠ ᠶᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠮᠠᠨ ᠤ ᠰᠤᠮᠤ ᠶᠢᠨ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠠᠵᠢᠯ ᠤᠨ ᠪᠦᠬᠦᠯᠢ ᠴᠣᠭᠴᠠ ᠶᠢᠨ ᠠᠬᠢᠴᠠ ᠶᠢᠨ ᠪᠠᠶᠢᠳᠠᠯ ᠢ ᠨᠠᠷᠢᠨ ᠣᠶᠢᠯᠠᠭᠠᠪᠠ᠃    ᠼᠠᠢ ᠪᠦᠦ ᠵᠢᠶᠦ᠋ᠨ ᠱᠦᠵᠢ ᠴᠢᠬᠤᠯᠠᠴᠢᠯᠠᠭᠰᠠᠨ ᠨᠢ᠂ ᠬᠠᠷᠠᠯᠲᠠ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ ᠂ ᠬᠠᠷᠢᠭᠤᠴᠠᠯᠭ᠎ᠠ ᠶᠢ ᠦᠨᠡᠨ ᠬᠦ ᠪᠠᠲᠤ ᠡᠭᠦᠷᠭᠡᠯᠡᠵᠦ᠂ ᠲᠥᠷᠥᠯ ᠵᠦᠢᠯ ᠤᠨ ᠪᠠᠷᠢᠯᠭ᠎ᠠ ᠪᠠᠷᠢᠬᠤ ᠪᠠ ᠰᠡᠭᠦᠯᠴᠢ ᠶᠢᠨ ᠬᠤᠭᠤᠴᠠᠭᠠᠨ ᠤ ᠬᠠᠮᠢᠶᠠᠷᠤᠯᠲᠠ ᠬᠠᠮᠠᠭᠠᠯᠠᠯᠲᠠ ᠵᠡᠷᠭᠡ ᠭᠤᠭᠴᠤᠭ᠎ᠠ ᠶᠢᠨ ᠪᠦᠬᠦ ᠶᠠᠪᠤᠴᠠ ᠳᠤ ᠣᠷᠣᠯᠴᠠᠵᠤ᠂ ᠪᠦᠬᠦ ᠶᠠᠪᠤᠴᠠ ᠶᠢ ᠳᠠᠭᠠᠵᠤ᠂ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠬᠦ ᠶᠢᠨ ᠬᠠᠮᠲᠤ ᠰᠢᠢᠳᠪᠦᠷᠢᠯᠡᠬᠦ ᠬᠡᠷᠡᠭᠲᠡᠢ᠃ ᠲᠥᠷᠥᠯ ᠵᠦᠢᠯ ᠤᠨ ᠠᠬᠢᠴᠠ ᠶᠢ ᠪᠦᠬᠦ ᠬᠦᠴᠦᠨ ᠢᠶᠠᠷ ᠢᠶᠠᠨ ᠲᠦᠷᠭᠡᠳᠬᠡᠵᠦ᠂ ᠪᠠᠷᠢᠯᠭ᠎ᠠ ᠶᠢᠨ ᠶᠠᠰᠤ ᠴᠢᠨᠠᠷ ᠢ ᠰᠠᠶᠢᠲᠤᠷ ᠠᠳᠬᠤᠵᠤ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠬᠠᠷᠠᠯᠲᠠ ᠡᠭᠦᠷᠭᠡ ᠶᠢ ᠴᠢᠨᠠᠷ ᠰᠠᠶᠢᠲᠠᠢ ᠥᠨᠳᠥᠷ ᠪᠦᠲᠦᠮᠵᠢᠲᠡᠢ ᠪᠡᠶᠡᠯᠡᠭᠦᠯᠬᠦ ᠬᠡᠷᠡᠭᠲᠡᠢ᠃ ᠤᠬᠠᠭᠤᠯᠵᠤ ᠬᠥᠲᠥᠯᠥᠨ ᠵᠢᠯᠣᠭᠤᠳᠬᠤ ᠪᠠ ᠬᠢᠨᠠᠯᠲᠠ ᠲᠠᠯᠪᠢᠵᠤ ᠲᠣᠭᠤᠷᠢᠨ ᠪᠠᠶᠢᠴᠠᠭᠠᠬᠤ ᠶᠢ ᠵᠡᠷᠭᠡ ᠪᠠᠷ ᠴᠢᠩᠭᠠᠳᠬᠠᠵᠤ᠂ ᠮᠠᠯᠴᠢᠨ ᠲᠠᠷᠢᠶᠠᠴᠢᠨ ᠤ ᠠᠮᠢ ᠠᠬᠤᠢ ᠶᠢᠨ ᠵᠠᠰᠠᠯᠲᠠ ᠶᠢᠨ ᠢᠨᠵᠧᠨᠧᠷᠢᠩ ᠳᠤ ᠣᠷᠣᠯᠴᠠᠬᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ ᠢ ᠭᠦᠢᠴᠡᠳ ᠳᠠᠶᠢᠴᠢᠯᠠᠨ᠂ ᠣᠯᠠᠨ ᠠᠷᠭ᠎ᠠ ᠬᠡᠮᠵᠢᠶ᠎ᠡ ᠪᠠᠷ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠮᠡᠳᠡᠯᠭᠡ ᠶᠢ ᠤᠬᠠᠭᠤᠯᠵᠤ᠂ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠡᠯᠡᠰᠦ ᠶᠢ ᠵᠠᠰᠠᠬᠤ ᠠᠵᠢᠯ ᠢ ᠣᠶᠢᠯᠠᠭᠠᠭᠤᠯᠵᠤ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠦᠬᠦᠯᠢ ᠴᠣᠭᠴᠠ ᠶᠢᠨ ᠶᠠᠰᠤ ᠴᠢᠨᠠᠷ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ ᠬᠡᠵᠡᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号