ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ︽ᠬᠠᠤᠯᠢ ᠴᠠᠭᠠᠵᠠ ᠶᠢ ᠰᠤᠷᠭᠠᠭᠤᠯᠢ ᠶᠢᠨ ᠬᠦᠷᠢᠶᠡᠨ ᠳᠤ ᠬᠦᠷᠭᠡᠬᠦ︾ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/22
    ᠣᠶᠢᠷ᠎ᠠ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ︽ᠯᠤᠤ ᠭᠧ︾ ᠬᠤᠯᠪᠣᠭ᠎ᠠ ᠶᠢᠨ ᠠᠩᠬᠢ ᠬᠠᠤᠯᠢ ᠪᠠᠷ ᠵᠠᠰᠠᠬᠤ ᠤᠯᠠᠭᠠᠨ ᠮᠥᠴᠢᠷ ᠨᠢ ᠭᠤᠣᠯ ᠤᠨ ᠪᠠᠶᠢᠰᠢᠩ ᠤᠨ ᠳᠤᠳᠤᠭᠠᠲᠦ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ ᠲᠠᠢ ᠬᠠᠮᠲᠤᠷᠠᠨ ︽ᠬᠠᠤᠯᠢ ᠴᠠᠭᠠᠵᠠ ᠶᠢᠨ ᠰᠤᠷᠭᠠᠭᠤᠯᠢ ᠶᠢᠨ ᠬᠦᠷᠢᠶᠡᠨ ᠳᠤ ᠬᠦᠷᠭᠡᠬᠦ︾ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃    ᠬᠠᠤᠯᠢ ᠪᠠᠷ ᠵᠠᠰᠠᠬᠤ ᠲᠠᠶᠢᠯᠤᠮᠵᠢ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠢ ᠪᠣᠯᠭᠠᠬᠤ ᠪᠠᠷ ᠭᠤᠣᠯ ᠰᠢᠵᠢᠮ ᠪᠣᠯᠭᠠᠵᠤ᠂ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠢ ᠲᠡᠪᠴᠢᠬᠦ᠂ ᠵᠠᠮ ᠬᠠᠷᠢᠯᠴᠠᠭᠠᠨ ᠤ ᠠᠮᠤᠷ ᠲᠦᠪᠰᠢᠨ᠂ ᠭᠠᠯ ᠤᠨᠲᠠᠷᠠᠭᠠᠬᠤ ᠠᠮᠤᠷ ᠲᠦᠪᠰᠢᠨ᠂ ᠬᠤᠣᠷ ᠴᠠᠭᠠᠵᠠᠯᠠᠬᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠵᠡᠷᠭᠡ ᠠᠭᠤᠯᠭ᠎ᠠ ᠶᠢᠨ ᠲᠣᠭᠤᠷᠢᠨ ᠳᠤ ᠤᠬᠠᠭᠤᠯᠤᠨ ᠲᠠᠶᠢᠯᠪᠤᠷᠢᠯᠠᠵᠤ᠂ ᠰᠤᠷᠭᠠᠭᠤᠯᠢ ᠶᠢᠨ ᠪᠠᠭᠰᠢ ᠰᠤᠷᠤᠭᠴᠢᠳ ᠲᠤ ᠬᠠᠤᠯᠢ ᠪᠠᠷ ᠵᠠᠰᠠᠬᠤ ᠬᠥᠮᠦᠵᠢᠯ ᠤᠨ ᠠᠮᠢᠳᠤᠯᠢᠭ ᠬᠢᠴᠢᠶᠡᠯ ᠣᠷᠣᠪᠠ᠃    ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ︽  ᠯᠤᠤ ᠭᠧ︾ ᠬᠤᠯᠪᠣᠭ᠎ᠠ ᠬᠠᠤᠯᠢ ᠪᠠᠷ ᠵᠠᠰᠠᠬᠤ ᠤᠯᠠᠭᠠᠨᠮᠥ᠋ᠴᠢᠷ ︽ᠬᠠᠤᠯᠢ ᠪᠠᠷ ᠵᠠᠰᠠᠬᠤ ᠤᠳᠬ᠎ᠠ ᠤᠷᠠᠯᠢᠭ ᠢ ᠬᠥᠳᠡᠭᠡ ᠪᠠᠭᠤᠯᠭᠠᠬᠤ︾ ᠬᠡᠯᠪᠡᠷᠢ ᠪᠠᠷ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠬᠢᠵᠦ᠂ ᠪᠦᠬᠦ ᠪᠠᠭᠰᠢ ᠰᠤᠷᠤᠭᠴᠢᠳ ᠲᠤ ︽ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠭᠤᠯᠭ᠎ᠠ ᠶᠢᠨ ᠴᠠᠷᠭᠢᠯ ᠬᠠᠪᠲᠠᠰᠤ︾᠂ ᠬᠤᠯᠪᠣᠭ᠎ᠠ ︽ᠵᠠᠮ ᠬᠠᠷᠢᠯᠴᠠᠭᠠᠨ ᠤ ᠠᠳᠠᠯ ᠢ ᠰᠡᠷᠭᠡᠶᠢᠯᠡᠬᠦ︾᠂ ᠪᠥᠵᠢᠭ ︽ᠥᠯᠵᠡᠢ ᠪᠡᠯᠭᠡ ᠲᠠᠢ ᠪᠠᠶᠠᠷ ᠬᠥᠷ︾ ᠵᠡᠷᠭᠡ ᠲᠣᠭᠯᠠᠯᠲᠠ ᠭᠠᠷᠭᠠᠵᠤ᠂ ᠪᠠᠭᠰᠢ ᠰᠤᠷᠤᠭᠴᠢᠳ ᠢ ᠬᠥᠮᠦᠵᠢᠭᠦᠯᠦᠨ ᠵᠢᠯᠣᠭᠤᠳᠴᠤ ᠪᠠᠶᠢᠭᠠᠳ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ ᠶᠢ ᠤᠬᠠᠮᠰᠠᠷ ᠠᠴᠠ ᠪᠠᠨ ᠵᠢᠷᠤᠮᠯᠠᠭᠤᠯᠪᠠ᠃    ︽ᠨᠠᠢᠮᠠᠳᠤᠭᠠᠷ ᠲᠠᠪᠤᠨ ᠵᠢᠯ︾᠎ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠦᠭᠰᠡᠨ ᠠᠴᠠ ᠨᠠᠰᠢ᠂ ︽ᠬᠠᠭᠤᠴᠢᠨ︾ ᠬᠤᠯᠪᠣᠭ᠎ᠠ ᠪᠠᠨᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠦᠨᠳᠦᠰᠦᠯᠡᠬᠦ ᠶᠢ ᠪᠠᠷᠢᠮᠲᠠᠯᠠᠵᠤ᠂ ︽ᠬᠠᠤᠯᠢ ᠴᠠᠭᠠᠵᠠ ᠶᠢ ᠵᠢᠷᠭᠤᠭ᠎ᠠ ᠳᠤ ᠣᠷᠣᠭᠤᠯᠬᠤ︾᠎ ᠪᠠᠷ ᠠᠴᠢᠶᠠᠯᠠᠪᠤᠷᠢ ᠪᠣᠯᠭᠠᠵᠤ᠂ ᠭᠠᠴᠠᠭ᠎ᠠ᠂ ᠨᠡᠶᠢᠭᠡᠮ ᠲᠣᠭᠤᠷᠢᠭ᠂ ᠰᠤᠷᠭᠠᠭᠤᠯᠢ᠂ ᠠᠵᠤ ᠠᠬᠤᠶᠢᠯᠠᠯ᠂ ᠠᠭᠤᠳᠠᠮ ᠲᠠᠯᠠᠪᠠᠢ᠂ ᠲᠡᠷᠭᠡᠨ ᠥᠷᠲᠡᠭᠡ ᠵᠡᠷᠭᠡ ᠳᠤ ᠭᠦᠨᠵᠡᠭᠡᠶᠢᠷᠡᠨ ︽ᠬᠠᠤᠯᠢ ᠪᠠᠷ ᠵᠠᠰᠠᠬᠤ ᠤᠳᠬ᠎ᠠ ᠤᠷᠠᠯᠢᠭ ᠢ ᠬᠥᠳᠡᠭᠡ ᠪᠠᠭᠤᠯᠭᠠᠬᠤ︾ ᠠᠷᠠᠳ ᠲᠤ ᠠᠰᠢᠭ ᠬᠦᠷᠲᠡᠭᠡᠬᠦ ᠲᠣᠭᠯᠠᠯᠲᠠ 160 ᠭᠠᠷᠤᠢ ᠲᠠᠯᠠᠪᠤᠷ ᠤᠳᠠᠭ᠎ᠠ ᠬᠢᠵᠦ᠂ 45000 ᠭᠠᠷᠤᠢ ᠬᠥᠮᠦᠨ ᠤᠳᠠᠭ᠎ᠠ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠪᠠ᠃ ᠦᠵᠡᠭᠴᠢᠳ ᠢ ᠤᠷᠠᠯᠢᠭ ᠢ ᠰᠣᠨᠢᠷᠬᠠᠬᠤ ᠶᠢᠨ ᠬᠠᠮᠲᠤ ᠬᠠᠤᠯᠢ ᠴᠠᠭᠠᠵᠠ ᠶᠢᠨ ᠮᠡᠳᠡᠯᠭᠡ ᠶᠢ ᠦᠯᠦ ᠮᠡᠳᠡᠭᠳᠡᠮ᠎ᠡ ᠪᠠᠷ ᠰᠤᠷᠤᠯᠴᠠᠭᠤᠯᠵᠤ᠂ ᠬᠠᠤᠯᠢᠵᠢᠯ ᠤᠨ ᠰᠣᠶᠣᠯ ᠢ ᠨᠡᠶᠢᠭᠡᠮ ᠳᠤ ᠨᠡᠩ ᠰᠠᠶᠢᠲᠤᠷ ᠠᠭᠤᠰᠤᠯᠴᠠᠭᠤᠯᠬᠤ᠂ ᠣᠯᠠᠨ ᠲᠦᠮᠡᠨ ᠳᠤ ᠠᠭᠤᠰᠤᠯᠴᠠᠭᠤᠯᠬᠤ᠂ ᠠᠮᠢᠳᠤᠷᠠᠯ ᠳᠤ ᠠᠭᠤᠰᠤᠯᠴᠠᠭᠤᠯᠬᠤ ᠶᠢ ᠪᠦᠲᠦᠮᠵᠢᠲᠡᠢ ᠠᠬᠢᠭᠤᠯᠵᠤ᠂ ᠬᠠᠤᠯᠢ ᠴᠠᠭᠠᠵᠠ ᠶᠢᠨ ᠣᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ  ᠺᠢᠯᠣᠮᠧᠲᠷ︾᠎ ᠢ ᠨᠡᠪᠲᠡᠷᠡᠭᠦᠯᠦᠨ᠎ᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号