ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ︽ᠤᠮᠠᠷᠠᠲᠤ ᠬᠢᠯᠢ ᠶᠢ ᠤᠩᠰᠢᠬᠤ︾ ᠬᠤᠶᠠᠳᠤᠭᠠᠷ ᠬᠤᠭᠤᠴᠠᠭᠠᠨ ᠤ ᠪᠠᠲᠤᠴᠠᠭᠠᠨ ᠤ ᠨᠣᠮ ᠤᠩᠰᠢᠬᠤ ᠨᠠᠶᠢᠷ ᠤᠨ ᠡᠬᠢᠯᠡᠯᠲᠡ ᠶᠢᠨ ᠶᠣᠰᠣᠯᠠᠯ ᠵᠢᠴᠢ ︽ᠨᠣᠮ ᠤᠨ ᠰᠠᠩ ᠤᠨ ᠣᠳᠣ ᠦᠶ᠎ᠡ ᠶᠢᠨ ᠪᠣᠯᠪᠠᠰᠤᠨ ᠢ ᠳᠠᠬᠢᠨ ᠢᠯᠡᠷᠡᠭᠦᠯᠬᠦ︾ 4.23 ᠳᠡᠯᠡᠬᠡᠢ ᠶᠢᠨ ᠨᠣᠮ ᠤᠩᠰᠢᠬᠤ ᠡᠳᠦᠷ ᠤᠨ ᠭᠤᠣᠯ ᠰᠡᠳᠦᠪᠲᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/22
   4 ᠰᠠᠷ᠎ᠠ ᠶᠢᠨ 20᠎ ᠤ ᠡᠳᠦᠷ᠂ 29 ᠳ᠋ᠦᠭᠡᠷ ︽ᠳᠡᠯᠡᠬᠡᠢ ᠶᠢᠨ ᠨᠣᠮ ᠤᠩᠰᠢᠬᠤ ᠡᠳᠦᠷ︾ ᠬᠦᠷᠴᠦ ᠢᠷᠡᠬᠦ ᠲᠠᠰᠢᠷᠠᠮ ᠢᠶᠠᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠣᠮ ᠤᠨ ᠰᠠᠩ ᠲᠠᠢ ᠬᠠᠮᠲᠤᠷᠠᠨ ᠦᠯᠢᠭᠡᠷ ᠲᠢᠩᠬᠢᠮ ᠳᠤ ︽ᠤᠮᠠᠷᠠᠲᠤ ᠬᠢᠯᠢ ᠶᠢ ᠤᠩᠰᠢᠬᠤ︾ ᠬᠤᠶᠠᠳᠤᠭᠠᠷ ᠬᠤᠭᠤᠴᠠᠭᠠᠨ ᠤ ᠦ᠋ ᠵᠢᠶᠣᠤ ᠹᠧᠩ ᠤᠨ ᠨᠣᠮ ᠤᠩᠰᠢᠬᠤ ᠨᠠᠶᠢᠷ ᠤᠨ ᠡᠬᠢᠯᠡᠯᠲᠡ ᠶᠢᠨ ᠶᠣᠰᠣᠯᠠᠯ ᠵᠢᠴᠢ ︽ᠨᠣᠮ ᠤᠨ ᠰᠠᠩ ᠤᠨ ᠣᠳᠣ ᠦᠶ᠎ᠡ ᠶᠢᠨ ᠪᠣᠯᠪᠠᠰᠤᠨ ᠢ ᠳᠠᠬᠢᠨ ᠢᠯᠡᠷᠡᠭᠦᠯᠬᠦ︾ 4.23 ᠳᠡᠯᠡᠬᠡᠢ ᠶᠢᠨ ᠨᠣᠮ ᠤᠩᠰᠢᠬᠤ ᠡᠳᠦᠷ ᠤᠨ ᠭᠤᠣᠯ ᠰᠡᠳᠦᠪᠲᠦ ᠠᠵᠢᠯᠯᠠᠭ᠎ᠠ ᠥᠷᠨᠢᠭᠦᠯᠪᠡ᠃ ᠣᠯᠠᠨ ᠵᠦᠢᠯ ᠤᠨ ᠬᠡᠯᠪᠡᠷᠢ ᠪᠦᠬᠦᠢ ᠨᠣᠮ ᠪᠢᠴᠢᠭ ᠤᠩᠰᠢᠬᠤ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠪᠦᠬᠦ ᠠᠷᠠᠳ ᠤᠨ ᠤᠩᠰᠢᠯᠭ᠎ᠠ ᠶᠢᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠵᠤ᠂ ᠭᠦᠨ ᠵᠤᠵᠠᠭᠠᠨ ᠤᠩᠰᠢᠯᠭ᠎ᠠ ᠶᠢᠨ ᠠᠭᠤᠷ ᠠᠮᠢᠰᠬᠤᠯ ᠢ ᠪᠤᠢ ᠪᠣᠯᠭᠠᠨ᠎ᠠ᠃    ᠡᠬᠢᠯᠡᠯᠲᠡ ᠶᠢᠨ ᠶᠣᠰᠣᠯᠠᠯ ᠳᠡᠭᠡᠷ᠎ᠡ᠂ ︽ᠤᠮᠠᠷᠠᠲᠤ ᠬᠢᠯᠢ ᠶᠢ ᠤᠩᠰᠢᠬᠤ︾ ᠰᠣᠶᠣᠯ ᠤᠨ ᠨᠣᠮ ᠪᠢᠴᠢᠭ ᠤᠨ ᠦᠵᠡᠭᠦᠯᠦᠯᠭᠡ ᠶᠢ ᠲᠣᠬᠢᠷᠠᠭᠤᠯᠵᠤ᠂ ᠪᠦᠬᠦ ᠠᠷᠠᠳ ᠤᠨ ᠤᠩᠰᠢᠯᠭ᠎ᠠ ᠶᠢᠨ ᠤᠬᠠᠭᠤᠯᠭ᠎ᠠ ᠶᠢᠨ ᠹᠢᠯᠢᠮ ᠢ ᠨᠡᠪᠲᠡᠷᠡᠭᠦᠯᠵᠦ᠂ ᠨᠣᠮ ᠤᠩᠰᠢᠬᠤ ᠲᠠᠨᠢᠯᠴᠠᠭᠤᠯᠭ᠎ᠠ ᠶᠢᠨ ᠸᠢᠳᠢᠣ᠋ ᠲᠡᠭᠦᠪᠦᠷᠢ ᠶᠢ ᠨᠡᠪᠲᠡᠷᠡᠭᠦᠯᠦᠭᠰᠡᠨ ᠪᠥᠭᠡᠳ ᠠᠷᠪᠠᠨ ᠨᠡᠷᠡᠰ ︽ᠤᠩᠰᠢᠯᠭ᠎ᠠ ᠶᠢᠨ ᠣᠳᠣᠨ︾᠎ ᠳᠤ ᠦᠨᠡᠮᠯᠡᠯ ᠣᠯᠭᠤᠪᠠ᠃ ᠡᠬᠢᠯᠡᠯᠲᠡ ᠶᠢᠨ ᠶᠣᠰᠣᠯᠠᠯ ᠳᠠᠭᠤᠰᠤᠭᠰᠠᠨ ᠤ ᠳᠠᠷᠠᠭ᠎ᠠ᠂ ︽ᠤᠮᠠᠷᠠᠲᠤ ᠬᠢᠯᠢ ᠶᠢ ᠤᠩᠰᠢᠬᠤ︾ ᠡᠴᠢᠭᠡ ᠡᠬᠡ ᠦᠷ᠎ᠡ ᠬᠡᠦᠬᠡᠳ ᠤᠨ ᠤᠩᠰᠢᠯᠭ᠎ᠠ ᠶᠢᠨ ᠮᠡᠳᠡᠯᠭᠡ ᠶᠢᠨ ᠤᠷᠤᠯᠳᠤᠭᠠᠨ ᠶᠠᠪᠤᠭᠤᠯᠵᠤ᠂ ᠲᠤᠬᠠᠢ ᠶᠢᠨ ᠲᠠᠯᠠᠪᠤᠷ ᠤᠨ ᠠᠭᠤᠷ ᠠᠮᠢᠰᠬᠤᠯ ᠬᠥᠷ ᠬᠥᠭᠵᠢᠶᠡᠨ ᠢᠶᠠᠷ ᠪᠢᠯᠬᠠᠵᠤ᠂ ᠣᠯᠠᠨ ᠢᠶᠠᠷ ᠢᠶᠠᠨ ᠠᠰᠠᠭᠤᠳᠠᠯ ᠢ ᠵᠠᠪᠳᠤᠨ ᠬᠠᠷᠢᠭᠤᠯᠵᠤ᠂ ᠲᠤᠰ ᠤᠳᠠᠭᠠᠨ ᠤ ᠠᠵᠢᠯᠯᠠᠭ᠎ᠠ ᠶᠢᠨ ᠨᠢᠭᠡᠳᠦᠭᠡᠷ ᠳᠡᠰ ᠤᠨ ᠱᠠᠩᠨᠠᠯ ᠨᠢᠭᠡ ᠨᠡᠷᠡᠰ᠂ ᠬᠤᠶᠠᠳᠤᠭᠠᠷ ᠳᠡᠰ ᠤᠨ ᠱᠠᠩᠨᠠᠯ ᠬᠤᠶᠠᠷ ᠨᠡᠷᠡᠰ᠂ ᠭᠤᠷᠪᠠᠳᠤᠭᠠᠷ ᠳᠡᠰ ᠤᠨ ᠱᠠᠩᠨᠠᠯ ᠭᠤᠷᠪᠠᠨ ᠨᠡᠷᠡᠰ ᠢ ᠰᠢᠯᠭᠠᠷᠠᠭᠤᠯᠤᠭᠰᠠᠨ ᠪᠥᠭᠡᠳ ᠱᠠᠩᠨᠠᠯ ᠣᠯᠤᠭᠰᠠᠨ ᠭᠡᠷ ᠪᠦᠯᠢ ᠳᠤ ᠱᠠᠩᠨᠠᠯ ᠬᠦᠷᠲᠡᠭᠰᠡᠨ ᠦᠨᠡᠮᠯᠡᠯ ᠣᠯᠭᠤᠪᠠ᠃    ︽ᠡᠨᠡ ᠤᠳᠠᠭᠠᠨ ᠤ ᠮᠡᠳᠡᠯᠭᠡ ᠶᠢᠨ ᠤᠷᠤᠯᠳᠤᠭᠠᠨ ᠳᠤ ᠣᠷᠣᠯᠴᠠᠬᠤ ᠪᠠᠷ ᠳᠠᠮᠵᠢᠨ᠂ ᠬᠡᠦᠬᠡᠳ ᠤᠨ ᠮᠡᠳᠡᠯᠭᠡ ᠶᠢᠨ ᠨᠥᠭᠡᠴᠡ ᠪᠠ ᠰᠡᠳᠬᠢᠬᠦᠢ ᠶᠢᠨ ᠴᠢᠳᠠᠪᠤᠷᠢ ᠶᠢ ᠠᠭᠤᠳᠠᠯᠵᠤ᠂ ᠬᠡᠦᠬᠡᠳ ᠤᠳ ᠲᠤ ᠥᠪᠡᠷ ᠢ ᠪᠠᠨ ᠳᠡᠯᠭᠡᠨ ᠦᠵᠡᠭᠦᠯᠬᠦ ᠲᠠᠪᠴᠠᠩ ᠬᠠᠩᠭᠠᠬᠤ ᠶᠢᠨ ᠬᠠᠮᠲᠤ ᠪᠠᠰᠠ ᠪᠢᠳᠡ ᠬᠡᠦᠬᠡᠳ ᠲᠠᠢ ᠪᠠᠨ ᠬᠠᠮᠲᠤ ᠦᠰᠦᠨ ᠪᠤᠶᠢᠵᠢᠵᠤ᠂ ᠬᠠᠮᠲᠤ ᠪᠠᠷ ᠰᠤᠷᠤᠯᠴᠠᠶ᠎ᠠ︾ ᠬᠡᠵᠤ ᠡᠴᠢᠭᠡ ᠡᠬᠡ ᠦᠷ᠎ᠡ ᠬᠡᠦᠬᠡᠳ ᠤᠨ ᠤᠩᠱᠢᠯᠭ᠎ᠠ ᠶᠢᠨ ᠮᠡᠳᠡᠯᠭᠡ ᠶᠢᠨ ᠤᠷᠤᠯᠳᠤᠭᠠᠨ ᠤ ᠬᠤᠶᠠᠳᠤᠭᠠᠷ ᠳᠡᠰ ᠤᠨ ᠱᠠᠩᠨᠠᠯ ᠣᠯᠤᠭᠰᠠᠨ ᠭᠡᠷ ᠤᠨ ᠠᠬᠠᠮᠠᠳ ᠪᠠᠢ ᠴᠠᠩ ᠵᠢᠶᠠᠩ ᠬᠡᠯᠡᠪᠡ᠃    ᠲᠤᠰ ᠡᠳᠦᠷ᠂ ᠪᠠᠰᠠ ᠴᠥᠭᠡᠨ ᠪᠤᠰᠤ ᠭᠡᠷ ᠤᠨ ᠠᠬᠠᠮᠠᠳ ᠬᠡᠦᠬᠡᠳ ᠢᠶᠠᠨ ᠳᠠᠭᠠᠭᠤᠯᠤᠨ ᠨᠣᠮ ᠤᠨ ᠰᠠᠩ ᠳᠤ ᠬᠦᠷᠴᠦ ᠰᠤᠯᠠ ᠰᠡᠯᠡᠭᠦᠦ ᠡᠴᠢᠭᠡ ᠡᠬᠡ ᠦᠷ᠎ᠡ ᠬᠡᠦᠬᠡᠳ ᠤᠨ ᠤᠩᠰᠢᠯᠭ᠎ᠠ ᠶᠢᠨ ᠴᠠᠭ ᠮᠥᠴᠡ ᠪᠠᠨ ᠡᠳ᠋ᠯᠡᠵᠦ ᠪᠠᠶᠢᠯ᠎ᠠ ᠃ ᠪᠢ ᠨᠣᠮ ᠤᠩᠰᠢᠬᠤ ᠳᠤᠷᠠᠲᠠᠢ᠂ ᠬᠢᠴᠢᠶᠡᠯ ᠤᠨ ᠰᠤᠯᠠ ᠴᠠᠭ ᠢᠶᠠᠷ ᠢᠶᠠᠨ ᠨᠣᠮ ᠤᠨ ᠰᠠᠩ ᠳᠤ ᠢᠷᠡᠵᠦ ᠨᠣᠮ ᠤᠩᠰᠢᠨ᠎ᠠ᠃ ᠨᠣᠮ ᠤᠨ ᠰᠠᠩ ᠳᠤ ᠣᠯᠠᠨ ᠨᠣᠮ ᠪᠠᠶᠢᠳᠠᠭ᠂ ᠪᠢ ᠮᠠᠰᠢ ᠣᠯᠠᠨ ᠮᠡᠳᠡᠯᠭᠡ ᠶᠢ ᠰᠤᠷᠭᠠᠨ᠎ᠠ︾ ᠬᠡᠵᠤ ᠰᠤᠷᠤᠭᠴᠢ ᠰᠣᠳᠣᠨ ᠬᠡᠯᠡᠪᠡ᠃    ︽ᠠᠵᠢᠯᠯᠠᠭ᠎ᠠ ᠶᠢᠨ ᠬᠤᠭᠤᠴᠠᠭᠠᠨ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠣᠮ ᠤᠨ ᠰᠠᠩ ᠪᠦᠬᠦ ᠠᠷᠠᠳ ᠤᠨ ᠤᠩᠰᠢᠯᠭ᠎ᠠ ᠶᠢ ᠳᠡᠯᠭᠡᠷᠡᠭᠦᠯᠬᠦ ᠠᠵᠢᠯᠯᠠᠭ᠎ᠠ ᠶᠢᠨ ᠵᠢᠭᠰᠠᠭᠠᠯ ᠤᠨ ᠭᠠᠵᠠᠷ ᠪᠣᠯᠤᠭᠰᠠᠨ ᠤ ᠬᠤᠪᠢ ᠳᠤ᠂ ︿ᠨᠣᠮ ᠤᠨ ᠰᠠᠩ ᠢ ᠳᠠᠬᠢᠨ ᠢᠯᠡᠷᠡᠭᠦᠯᠬᠦ · ᠣᠳᠣ ᠦᠶ᠎ᠡ ᠶᠢᠨ ᠪᠣᠯᠪᠠᠰᠤᠨ ᠢ ᠬᠠᠮᠲᠤ ᠪᠠᠷ ᠤᠩᠰᠢᠬᠤ﹀ ᠪᠦᠬᠦ ᠠᠷᠠᠳ ᠤᠨ ᠤᠩᠰᠢᠯᠭ᠎ᠠ ᠶᠢ ᠳᠡᠯᠭᠡᠷᠡᠭᠦᠯᠬᠦ ᠠᠵᠢᠯᠯᠠᠭ᠎ᠠ ᠶᠢ ᠤᠬᠠᠭᠠᠯᠠᠵᠤ᠂ ᠨᠡᠩ ᠣᠯᠠᠨ ᠤᠩᠰᠢᠭᠴᠢᠳ ᠨᠣᠮ ᠤᠨ ᠰᠠᠩ ᠳᠤ ᠣᠷᠣᠵᠤ᠂ ᠨᠢᠭᠡ ᠰᠡᠳᠬᠢᠯ ᠢᠶᠠᠷ ᠤᠩᠰᠢᠵᠤ᠂ ᠭᠦᠨᠵᠡᠭᠡᠢ ᠤᠩᠰᠢᠵᠤ᠂ ᠨᠣᠮ ᠤᠨ ᠢᠷᠥᠭᠡᠯ᠂ ᠨᠣᠮ ᠲᠠᠢ ᠬᠠᠮᠰᠠᠯ ᠪᠣᠯᠬᠤ ᠶᠢ ᠬᠦᠰᠡᠵᠦ ᠪᠠᠶᠢᠨ᠎ᠠ︾ ᠭᠡᠵᠡᠢ᠃ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠣᠮ ᠤᠨ ᠰᠠᠩ ᠤᠨ ᠳᠡᠳ᠋ ᠳᠠᠷᠤᠭ᠎ᠠ ᠯᠢᠶᠠᠩ ᠷᠤ᠋ ᠢ ᠬᠡᠯᠡᠪᠡ᠃    ᠣᠶᠢᠯᠠᠭᠠᠭᠰᠠᠨ ᠢᠶᠠᠷ᠂ ᠪᠠᠶᠠᠯᠢᠭ ᠰᠠᠶᠢᠬᠠᠨ ᠤᠩᠰᠢᠯᠭ᠎ᠠ ᠶᠢ ᠳᠡᠯᠭᠡᠷᠡᠭᠦᠯᠬᠦ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠪᠦᠬᠦ ᠠᠷᠠᠳ ᠤᠨ ᠤᠩᠰᠢᠯᠭ᠎ᠠ ᠶᠢᠨ ᠠᠵᠢᠯ ᠢ ᠪᠦᠲᠦᠮᠵᠢᠲᠡᠢ ᠨᠠᠶᠢᠳᠠᠪᠤᠷᠢᠵᠢᠭᠤᠯᠬᠤ ᠶᠢ ᠠᠬᠢᠭᠤᠯᠬᠤ ᠶᠢᠨ ᠲᠥᠯᠥᠭᠡ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠣᠮ ᠤᠨ ᠰᠠᠩ ᠪᠦᠬᠦ ᠵᠢᠯ ᠳᠤ ᠨᠣᠮ ᠤᠨ ᠰᠠᠩ - ᠣᠨᠴᠠᠯᠢᠭᠲᠤ ᠨᠣᠮ ᠤᠨ ᠰᠠᠩ ᠳᠤ ᠬᠠᠳᠠᠭᠠᠯᠠᠵᠤ ᠪᠠᠶᠢᠭ᠎ᠠ ᠣᠷᠣᠨ ᠨᠤᠲᠤᠭ ᠤᠨ ᠲᠤᠯᠭᠤᠷ ᠪᠢᠴᠢᠭ ᠤᠨ ᠡᠬᠢ ᠪᠠᠶᠠᠯᠢᠭ ᠤᠨ ᠦᠵᠡᠰᠬᠦᠯᠡᠩ᠂ ᠨᠣᠮ ᠪᠢᠴᠢᠭ ᠤᠨ ᠬᠦᠰᠡᠯ ᠤᠨ ᠬᠡᠷᠡᠮ᠂ ︽ᠬᠠᠮᠤᠭ ᠤᠨ ᠭᠤᠶᠣ ᠬᠡᠦᠬᠡᠳ ᠤᠨ ᠳᠠᠭᠤᠨ ᠢ ᠡᠷᠢᠬᠦ︾ ᠤᠩᠰᠢᠯᠭ᠎ᠠ ᠶᠢ ᠳᠡᠯᠭᠡᠷᠡᠭᠦᠯᠬᠦ ᠠᠵᠢᠯᠯᠠᠭ᠎ᠠ᠂ ︽ᠨᠢᠭᠡ ᠰᠠᠶᠢᠨ ᠨᠣᠮ ᠲᠠᠨᠢᠯᠴᠠᠭᠤᠯᠬᠤ︾ ᠪᠢᠴᠢᠯ ᠸᠢᠳᠢᠣ᠋ ᠶᠢᠨ ᠤᠬᠠᠭᠤᠯᠭ᠎ᠠ ᠵᠡᠷᠭᠡ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠬᠤᠯᠪᠣᠭᠠᠯᠠᠨ ᠬᠥᠳᠡᠯᠦᠯᠴᠡᠬᠦ ᠠᠵᠢᠯᠯᠠᠭ᠎ᠠ ᠶᠢ ᠥᠷᠨᠢᠭᠦᠯᠵᠦ᠂ ᠰᠠᠶᠢᠨ ᠰᠠᠶᠢᠬᠠᠨ ᠤᠩᠰᠢᠯᠭ᠎ᠠ ᠶᠢᠨ ᠠᠭᠤᠷ ᠠᠮᠢᠰᠬᠤᠯ ᠢ ᠪᠣᠢ ᠪᠣᠯᠭᠠᠵᠤ᠂ ᠤᠩᠰᠢᠭᠴᠢᠳ ᠤᠨ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号