ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ 72 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/22
    4 ᠰᠠᠷ᠎ᠠ ᠶᠢᠨ 18᠎ ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠼᠠᠢ ᠪᠦᠦ ᠵᠢᠶᠦ᠋ᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ 72 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠬᠢᠯᠡᠨ ᠬᠤᠷᠠᠯᠳᠤᠭᠤᠯᠪᠠ᠃    ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠳᠤ ᠳᠤᠮᠳᠠ ᠬᠡᠰᠡᠭ ᠤᠨ ᠭᠠᠵᠠᠷ ᠣᠷᠣᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠠᠷᠢᠯᠴᠠᠬᠤ ᠬᠤᠷᠠᠯ᠂ ᠬᠤᠨᠠᠨ ᠳᠤ ᠰᠢᠨᠵᠢᠯᠡᠨ ᠪᠠᠶᠢᠴᠠᠭᠠᠬᠤ ᠪᠠ ᠨᠡᠶᠢᠰᠯᠡᠯ ᠤᠨ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠦᠬᠦ ᠤᠯᠤᠰ ᠪᠦᠬᠦ ᠠᠶᠢᠮᠠᠭ ᠤᠨ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠨᠠᠷ ᠤᠨ ᠬᠤᠷᠠᠯ᠂ ᠪᠦᠬᠦ ᠣᠷᠣᠨ ᠤ ᠪᠦᠬᠦ ᠠᠶᠢᠮᠠᠭ ᠤᠨ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠨᠠᠷ ᠤᠨ ᠬᠤᠷᠠᠯ ᠵᠢᠴᠢ ᠪᠦᠬᠦ ᠣᠷᠣᠨ ᠤ ᠦᠨᠳᠦᠰᠦᠨ ᠱᠠᠲᠤᠨ ᠤ ᠵᠠᠰᠠᠯᠲᠠ ᠶᠢᠨ ᠳᠣᠪᠤᠶᠢᠮ᠎ᠠ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠰᠢᠪᠲᠤᠯᠤᠯᠲᠠ ᠶᠢᠨ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠦᠬᠦ ᠬᠤᠰᠢᠭᠤᠨ ᠤ ᠨᠠᠮ ᠤᠨ ᠭᠠᠳᠠᠨᠠᠬᠢ ᠺᠠᠳ᠋ᠷ᠂ ᠠᠶᠤᠯᠭᠦᠢ ᠦᠢᠯᠡᠳᠪᠦᠷᠢᠯᠡᠯ ᠵᠡᠷᠭᠡ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠳᠠᠷᠠᠭᠠᠴᠢ ᠶᠢᠨ ᠠᠯᠬᠤᠮ ᠤᠨ ᠠᠵᠢᠯ ᠢᠶᠠᠨ ᠰᠤᠳᠤᠯᠤᠨ ᠪᠠᠶᠢᠷᠢᠯᠠᠭᠤᠯᠪᠠ᠃    ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠬᠤᠰᠢᠭᠤᠨ ᠤ ᠳᠡᠭᠡᠳᠦ ᠳᠣᠣᠷᠠᠳᠤ ᠱᠠᠲᠤᠨ ᠤ ᠬᠢᠨ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠰᠢᠭᠤᠨ ᠤ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠤᠨ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ᠃ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠢ᠂ ᠪᠦᠬᠦ ᠲᠠᠯ᠎ᠠ ᠪᠠᠷ ᠲᠤᠤᠱᠯᠠᠭᠤᠯᠵᠤ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠵᠣᠯᠭᠠᠯᠴᠠᠭ᠎ᠠ ᠬᠠᠮᠲᠤᠷᠠᠯᠴᠠᠭ᠎ᠠ ᠪᠠᠨ ᠰᠠᠨᠠᠭᠠᠴᠢᠯᠠᠭ᠎ᠠ ᠠᠴᠠ ᠪᠠᠨ ᠴᠢᠩᠭᠠᠳᠬᠠᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠢᠳᠡᠪᠬᠢᠲᠡᠢ ᠠᠭᠤᠰᠤᠯᠴᠠᠬᠤ ᠪᠠ ᠦᠢᠯᠡᠴᠢᠯᠡᠬᠦ ᠬᠡᠷᠡᠭᠲᠡᠢ᠃ ᠤᠯᠤᠰ ᠠᠴᠠ ᠰᠢᠨ᠎ᠡ ᠨᠢᠭᠡ ᠡᠭᠡᠯᠵᠢ ᠶᠢᠨ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢᠨ ᠠᠵᠠ ᠲᠣᠬᠢᠶᠠᠯ ᠢ ᠠᠮᠵᠢᠵᠤ᠂ ᠲᠠᠷᠢᠮᠠᠯ ᠤᠨ ᠪᠦᠲᠦᠴᠡ ᠪᠣᠯᠤᠨ ᠣᠷᠣᠨ ᠪᠦᠰᠡ ᠶᠢᠨ ᠪᠠᠶᠢᠷᠢᠰᠢᠭᠤᠯᠤᠯᠲᠠ ᠶᠢ ᠦᠷᠭᠦᠯᠵᠢᠯᠡᠨ ᠰᠢᠯᠢᠳᠡᠭᠵᠢᠭᠦᠯᠵᠦ᠂ ᠠᠮᠤ ᠪᠤᠳᠠᠭᠠᠨ ᠤ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠡᠯᠡᠰᠦᠷᠬᠡᠭ ᠭᠠᠵᠠᠷ ᠢ ᠵᠠᠰᠠᠬᠤ ᠡᠯ᠎ᠡ ᠵᠦᠢᠯ ᠤᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ︽ᠱᠠᠯᠢᠭ ᠵᠠᠪᠬᠠᠢ ᠶᠢ ᠤᠰᠠᠳᠬᠠᠬᠤ᠂ ᠴᠠᠭᠠᠨ ᠢ ᠵᠠᠰᠠᠬᠤ᠂ ᠨᠣᠭᠤᠭᠠᠷᠠᠭᠤᠯᠤᠯᠲᠠ ᠶᠢ ᠨᠡᠮᠡᠭᠳᠡᠭᠦᠯᠬᠦ︾ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠡᠭᠦᠷᠭᠡ ᠶᠢ ᠨᠠᠶᠢᠳᠠᠪᠤᠷᠢᠵᠢᠭᠤᠯᠬᠤ᠂ ᠴᠠᠭ ᠤᠨ ᠬᠢᠵᠠᠭᠠᠷ ᠢ ᠨᠠᠶᠢᠳᠠᠪᠤᠷᠢᠵᠢᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ᠃    ᠬᠤᠷᠠᠯ ᠠᠴᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠢ ᠪᠣᠯᠭᠠᠬᠤ ᠭᠤᠣᠯ ᠰᠢᠵᠢᠮ ᠤᠨ ᠲᠣᠭᠤᠷᠢᠨ ᠳᠤ᠂ ᠨᠢᠭᠡᠳᠦᠮᠡᠯ ᠹᠷᠣᠨᠲ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠦᠨᠳᠦᠰᠦᠲᠡᠨ ᠤ ᠠᠵᠢᠯ ᠢ ᠲᠠᠰᠤᠷᠠᠯᠲᠠ ᠦᠭᠡᠢ ᠴᠢᠩᠭᠠᠳᠬᠠᠨ ᠰᠠᠶᠢᠵᠢᠷᠠᠭᠤᠯᠬᠤ ᠬᠡᠷᠡᠭᠲᠡᠢ᠃ ᠤᠯᠤᠰ ᠲᠥᠷᠥ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠲᠣᠭᠤᠷᠢᠨ ᠪᠠᠶᠢᠴᠠᠭᠠᠬᠤ ᠬᠤᠷᠴᠠ ᠰᠡᠯᠡᠮ᠎ᠡ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠲᠣᠭᠤᠷᠢᠨ ᠪᠠᠶᠢᠴᠠᠭᠠᠬᠤ ᠬᠤᠯᠪᠣᠭᠠᠯᠠᠨ ᠬᠥᠳᠡᠯᠦᠯᠴᠡᠬᠦ ᠰᠢᠰᠲ᠋ᠧᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠲᠣᠭᠤᠷᠢᠨ ᠪᠠᠶᠢᠴᠠᠭᠠᠬᠤ ᠠᠵᠢᠯ ᠤᠨ ᠪᠠᠶᠢᠷᠢᠰᠢᠯ ᠢ ᠲᠠᠰᠤᠷᠠᠯᠲᠠ ᠦᠭᠡᠢ ᠲᠡᠭᠦᠯᠳᠡᠷᠵᠢᠭᠦᠯᠦᠨ ᠥᠷᠭᠡᠳᠬᠡᠬᠦ ᠬᠡᠷᠡᠭᠲᠡᠢ᠃ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠵᠤ᠂ ᠣᠯᠠᠨ ᠲᠦᠮᠡᠨ ᠤ ᠲᠤᠰ ᠪᠡᠶ᠎ᠡ ᠶᠢᠨ ᠠᠰᠢᠭ ᠲᠤᠰᠠ ᠶᠢ ᠬᠠᠮᠠᠭᠠᠯᠠᠵᠤ᠂ ᠦᠨᠳᠦᠰᠦᠨ ᠱᠠᠲᠤᠨ ᠤ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ ᠦᠨᠳᠦᠰᠦᠨ ᠱᠠᠲᠤᠨ ᠤ ᠳᠠᠷᠤᠭᠠᠰᠤ ᠶᠢ ᠦᠨᠡᠨ ᠬᠦ ᠬᠥᠩᠭᠡᠷᠡᠭᠦᠯᠵᠦ᠂ ᠦᠨᠳᠦᠰᠦᠨ ᠱᠠᠲᠤᠨ ᠤ ︽ᠮᠣᠷᠢᠨ ᠲᠡᠷᠭᠡ︾᠎ ᠶᠢ ᠵᠠᠰᠠᠬᠤ ᠳᠣᠪᠤᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠲᠡᠢ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ︽ᠴᠠᠭ ᠢᠮᠠᠭᠲᠠ ᠰᠡᠳᠬᠢᠯ ᠠᠮᠤᠷ ᠦᠭᠡᠢ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠠᠷ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠠᠳᠬᠤᠵᠤ᠂ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠦᠷᠭᠦᠯᠵᠢᠯᠡᠨ ᠪᠣᠳᠠᠲᠠᠢ ᠪᠥᠭᠡᠳ ᠨᠠᠷᠢᠯᠢᠭ ᠠᠳᠬᠤᠬᠤ ᠬᠡᠷᠡᠭᠲᠡᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号