ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠰᠦᠯᠵᠢᠶᠡᠨ ᠳᠡᠭᠡᠷ᠎ᠡ ᠬᠡᠷᠡᠭ ᠰᠢᠢᠳᠪᠦᠷᠢᠯᠡᠬᠦ ᠬᠠᠤᠯᠢ ᠬᠡᠷᠡᠭᠵᠢᠭᠦᠯᠬᠦ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠤᠨ ᠬᠤᠷᠠᠯ ᠥᠷᠨᠢᠭᠦᠯᠪᠡ
ᠨᠡᠶᠢᠲᠡᠯᠡᠭᠰᠡᠨ ᠴᠠᠭ᠄
2024/4/22
    ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ ᠪᠠᠶᠢᠭᠤᠯᠤᠯᠲᠠ ᠶᠢ ᠤᠯᠠᠮ ᠨᠢᠭᠡ ᠠᠯᠬᠤᠮ ᠠᠬᠢᠭᠤᠯᠬᠤ ᠶᠢᠨ ᠲᠤᠰᠠᠳᠠ᠂ ᠬᠠᠤᠯᠢ ᠬᠡᠷᠡᠭᠵᠢᠭᠦᠯᠬᠦ ᠠᠵᠢᠯᠲᠠᠨ ᠤ ᠰᠦᠯᠵᠢᠶᠡᠨ ᠳᠡᠭᠡᠷ᠎ᠡ ᠬᠡᠷᠡᠭ ᠰᠢᠢᠳᠪᠦᠷᠢᠯᠡᠬᠦ ᠶᠠᠰᠤ ᠴᠢᠨᠠᠷ ᠢ ᠳᠡᠭᠡᠭᠰᠢᠯᠡᠭᠦᠯᠵᠦ᠂ ᠮᠡᠳᠡᠭᠡ ᠵᠠᠩᠭᠢᠵᠢᠯᠲᠠ ᠶᠢᠨ ᠲᠤᠭ᠎ᠠ ᠪᠠᠷᠢᠮᠲᠠ ᠪᠠᠷ ᠰᠢᠪᠲᠤᠯᠤᠯᠲᠠ ᠪᠣᠯᠭᠠᠭᠰᠠᠨ ᠰᠢᠨ᠎ᠡ ᠬᠡᠯᠪᠡᠷᠢ ᠶᠢᠨ ᠣᠶᠤᠨᠴᠢ ᠬᠠᠤᠯᠢ ᠬᠡᠷᠡᠭᠵᠢᠭᠦᠯᠬᠦ ᠰᠢᠰᠲ᠋ᠧᠮ ᠢ ᠪᠠᠶᠢᠭᠤᠯᠤᠨ᠎ᠠ᠃ ᠣᠶᠢᠷ᠎ᠠ ᠳᠤ᠂ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠣᠶᠤᠨᠴᠢ ᠬᠠᠤᠯᠢ ᠬᠡᠷᠡᠭᠵᠢᠭᠦᠯᠦᠯᠲᠡ ᠶᠢᠨ ᠰᠦᠯᠵᠢᠶᠡᠨ ᠳᠡᠭᠡᠷᠡᠬᠢ ᠬᠡᠷᠡᠭ ᠰᠢᠢᠳᠪᠦᠷᠢᠯᠡᠬᠦ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠬᠤᠷᠠᠯ ᠥᠷᠨᠢᠭᠦᠯᠵᠦ᠂ ᠪᠥᠬᠦ ᠬᠠᠤᠯᠢ ᠬᠡᠷᠡᠭᠵᠢᠭᠦᠯᠬᠦ ᠠᠵᠢᠯᠲᠠᠨ ᠣᠷᠣᠯᠴᠠᠪᠠ᠃    ᠪᠣᠯᠪᠠᠰᠤᠷᠠᠭᠤᠯᠤᠯ ᠤᠨ ᠬᠤᠷᠠᠯ ᠳᠡᠭᠡᠷ᠎ᠡ᠂ ᠣᠶᠤᠨᠴᠢ ᠬᠠᠤᠯᠢ ᠬᠡᠷᠡᠭᠵᠢᠭᠦᠯᠦᠯᠲᠡ ᠶᠢᠨ ᠰᠦᠯᠵᠢᠶᠡᠨ ᠳᠡᠭᠡᠷ᠎ᠡ ᠬᠡᠷᠡᠭ ᠰᠢᠢᠳᠪᠦᠷᠢᠯᠡᠬᠦ ᠰᠢᠰᠲ᠋ᠧᠮ ᠤᠨ ᠠᠵᠢᠯᠯᠠᠭ᠎ᠠ ᠪᠠ ᠴᠢᠳᠠᠮᠵᠢ ᠶᠢ ᠨᠠᠷᠢᠨ ᠲᠠᠨᠢᠯᠴᠠᠭᠤᠯᠵᠤ᠂ ᠬᠡᠷᠡᠭ ᠤᠨ ᠢᠷᠡᠯᠲᠡ ᠶᠢ ᠳᠠᠩᠰᠠᠯᠠᠬᠤ᠂ ᠬᠦᠯᠢᠶᠡᠨ ᠠᠪᠬᠤ᠂ ᠬᠦᠯᠢᠶᠡᠨ ᠠᠪᠬᠤ ᠳᠥᠷᠪᠡᠨ ᠴᠤᠪᠤᠷᠠᠯ ᠤᠨ ᠲᠣᠭᠤᠷᠢᠨ ᠳᠤ᠂ ᠬᠠᠮᠢᠶ᠎ᠠ ᠪᠦᠬᠦᠢ ᠳᠦᠷᠢᠮ ᠪᠠ ᠠᠵᠢᠯᠯᠠᠬᠤ ᠳᠡᠰ ᠳᠠᠷᠠᠭᠠᠯᠠᠯ ᠢ ᠨᠢᠭᠡᠳ ᠨᠢᠭᠡ ᠪᠠᠷ ᠨᠠᠷᠢᠨ ᠲᠠᠨᠢᠯᠴᠠᠭᠤᠯᠵᠤ᠂ ᠡᠩ ᠤᠨ ᠬᠡᠷᠡᠭ᠂ ᠲᠦᠬᠦᠮ ᠬᠡᠷᠡᠭ ᠢ ᠰᠢᠩᠭᠡᠭᠡᠨ ᠣᠷᠣᠭᠤᠯᠬᠤ ᠠᠴᠠ ᠭᠠᠷᠳᠠᠵᠤ᠂ ᠵᠠᠰᠠᠭ ᠵᠠᠬᠢᠷᠭᠠᠨ ᠤ ᠰᠢᠢᠳᠬᠡᠯ ᠤᠨ ᠬᠡᠷᠡᠭ ᠤᠨ ᠠᠵᠢᠯᠯᠠᠭᠠᠨ ᠤ ᠶᠠᠪᠤᠴᠠ ᠶᠢᠨ ᠦᠵᠡᠭᠦᠯᠦᠯᠭᠡ ᠬᠢᠪᠡ᠃ ᠲᠤᠬᠠᠢ ᠶᠢᠨ ᠲᠠᠯᠠᠪᠤᠷ ᠲᠤ ᠦᠵᠡᠭᠦᠯᠬᠦ᠂ ᠨᠢᠭᠤᠷᠲᠠᠨ ᠬᠠᠷᠢᠭᠤᠯᠬᠤ ᠵᠡᠷᠭᠡ ᠬᠡᠯᠪᠡᠷᠢ ᠪᠠᠷ ᠳᠠᠮᠵᠢᠭᠤᠯᠤᠨ ᠬᠠᠤᠯᠢ ᠬᠡᠷᠡᠭᠵᠢᠭᠦᠯᠬᠦ ᠠᠵᠢᠯᠲᠠᠨ ᠤ ᠬᠡᠷᠡᠭ ᠰᠢᠢᠳᠪᠦᠷᠢᠯᠡᠬᠦ ᠰᠢᠰᠲ᠋ᠧᠮ ᠤᠨ ᠠᠵᠢᠯᠯᠠᠭᠠᠨ ᠤ ᠪᠣᠯᠪᠠᠰᠤᠷᠠᠩᠭᠤᠢ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ ᠂ ︽ᠴᠤᠭᠯᠠᠭᠤᠯᠬᠤ᠂ ᠬᠡᠷᠡᠭ ᠪᠣᠯᠭᠠᠨ ᠳᠠᠩᠰᠠᠯᠠᠬᠤ᠂ ᠲᠣᠮᠢᠯᠠᠬᠤ᠂ ᠰᠢᠢᠳᠪᠦᠷᠢᠯᠡᠬᠦ᠂ ᠬᠠᠷᠢᠭᠤᠯᠬᠤ᠂ ᠬᠠᠷᠭᠤᠭᠤᠯᠤᠨ ᠪᠠᠶᠢᠴᠠᠭᠠᠬᠤ᠂ ᠬᠡᠷᠡᠭ ᠢ ᠳᠠᠭᠤᠰᠬᠠᠬᠤ︾ ᠵᠡᠷᠭᠡ ᠰᠦᠯᠵᠢᠶᠡᠨ ᠳᠡᠭᠡᠷᠡᠬᠢ ᠬᠠᠤᠯᠢ ᠬᠡᠷᠡᠭᠵᠢᠭᠦᠯᠬᠦ ᠵᠠᠭᠪᠤᠷ ᠤᠨ ᠲᠤᠬᠠᠢ ᠣᠶᠢᠯᠠᠭᠠᠯᠲᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠶᠢᠨ ᠬᠠᠮᠲᠤ᠂ ᠡᠳᠦᠷ ᠲᠤᠲᠤᠮ ᠤᠨ ᠲᠠᠪᠴᠠᠩ ᠤᠨ ᠠᠵᠢᠯᠯᠠᠭᠠᠨ ᠳᠤ ᠲᠤᠯᠭᠠᠷᠠᠵᠤ ᠮᠡᠳᠡᠬᠦ ᠠᠰᠠᠭᠤᠳᠠᠯ ᠤᠨ ᠲᠤᠬᠠᠢ ᠨᠠᠷᠢᠨ ᠲᠣᠳᠣᠷᠬᠠᠢ ᠬᠠᠷᠢᠭᠤᠯᠲᠠ ᠥᠭᠪᠡ᠃    ᠪᠣᠯᠪᠠᠰᠤᠷᠠᠭᠤᠯᠤᠯ ᠤᠨ ᠶᠠᠪᠤᠴᠠ ᠳᠤ᠂ ᠪᠣᠯᠪᠠᠰᠤᠷᠠᠭᠤᠯᠤᠯ ᠳᠤ ᠣᠷᠣᠯᠴᠠᠭᠰᠠᠳ ᠨᠠᠷᠢᠨ ᠬᠢᠨᠠᠮᠠᠭᠠᠢ ᠰᠣᠨᠣᠰᠴᠤ᠂ ᠢᠳᠡᠪᠬᠢᠲᠡᠢ ᠶᠠᠷᠢᠶ᠎ᠠ ᠲᠠᠯᠪᠢᠬᠤ ᠶᠢᠨ ᠬᠠᠮᠲᠤ ᠮᠠᠳᠠᠭ ᠲᠠᠢ ᠠᠰᠠᠭᠤᠳᠠᠯ ᠢ ᠰᠣᠯᠢᠯᠴᠠᠨ ᠶᠠᠷᠢᠯᠴᠠᠵᠤ᠂ ᠬᠠᠤᠯᠢ ᠬᠡᠷᠡᠭᠵᠢᠭᠦᠯᠬᠦ ᠠᠵᠢᠯᠲᠠᠨ ᠤ ᠬᠠᠤᠯᠢ ᠴᠠᠭᠠᠵᠠ ᠬᠠᠤᠯᠢ ᠲᠣᠭᠲᠠᠭᠠᠯ ᠤᠨ ᠲᠤᠬᠠᠢ ᠣᠶᠢᠯᠠᠭᠠᠯᠲᠠ ᠪᠠ ᠬᠡᠷᠡᠭᠯᠡᠯᠲᠡ ᠶᠢ ᠨᠡᠮᠡᠭᠳᠡᠭᠦᠯᠦᠨ᠂ ᠬᠠᠤᠯᠢ ᠬᠡᠷᠡᠭᠵᠢᠭᠦᠯᠬᠦ ᠪᠢᠴᠢᠭ ᠬᠠᠷ᠎ᠠ ᠵᠣᠬᠢᠶᠠᠬᠤ ᠶᠢᠨ ᠠᠩᠬᠠᠷᠬᠤ ᠵᠦᠢᠯᠡᠰ ᠪᠠ ᠤᠷ᠎ᠠ ᠮᠡᠷᠭᠡᠵᠢᠯ ᠢ ᠪᠣᠯᠪᠠᠰᠤᠷᠠᠩᠭᠤᠢ ᠡᠵᠡᠮᠰᠢᠵᠦ᠂ ᠬᠠᠤᠯᠢ ᠬᠡᠷᠡᠭᠵᠢᠭᠦᠯᠬᠦ ᠠᠵᠢᠯᠲᠠᠨ ᠤ ᠬᠠᠤᠯᠢ ᠶᠣᠰᠣᠭᠠᠷ ᠬᠡᠷᠡᠭ ᠰᠢᠢᠳᠪᠦᠷᠢᠯᠡᠬᠦ᠂ ᠬᠠᠤᠯᠢ ᠶᠣᠰᠣᠭᠠᠷ ᠵᠠᠰᠠᠭ ᠶᠠᠪᠤᠭᠤᠯᠬᠤ ᠴᠢᠳᠠᠪᠤᠷᠢ ᠪᠠ ᠬᠢᠷᠢ ᠬᠡᠮᠵᠢᠶ᠎ᠡ ᠶᠢ ᠦᠨᠡᠨ ᠬᠦ ᠳᠡᠭᠡᠭᠰᠢᠯᠡᠭᠦᠯᠵᠦ᠂ ᠬᠠᠤᠯᠢ ᠬᠡᠷᠡᠭᠵᠢᠭᠦᠯᠬᠦ ᠠᠵᠢᠯᠲᠠᠨ ᠤ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠴᠢᠩᠭᠠᠳᠬᠠᠬᠤ ᠳᠤ ᠰᠠᠶᠢᠨ ᠰᠠᠶᠢᠬᠠᠨ ᠰᠠᠭᠤᠷᠢ ᠶᠢ ᠲᠠᠯᠪᠢᠭᠰᠠᠨ ᠪᠠᠶᠢᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号