ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠨᠢᠭᠤᠴᠠ ᠶᠢ ᠬᠠᠮᠠᠭᠠᠯᠠᠬᠤ ᠤᠬᠠᠭᠤᠯᠭ᠎ᠠ ᠬᠥᠮᠦᠵᠢᠯ ᠤᠨ ᠰᠠᠷ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/22
    ᠰᠢ ᠶᠢᠨ ᠫᠢᠩ ᠶᠡᠷᠦᠩᠬᠡᠢ ᠱᠦᠵᠢ ᠶᠢᠨ ᠨᠢᠭᠤᠴᠠ ᠶᠢ ᠬᠠᠮᠠᠭᠠᠯᠠᠬᠤ ᠠᠵᠢᠯ ᠤᠨ ᠲᠤᠬᠠᠢ ᠴᠢᠬᠤᠯᠠ ᠶᠠᠷᠢᠶ᠎ᠠ ᠪᠣᠯᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠨᠢᠭᠤᠴᠠ ᠶᠢ ᠬᠠᠮᠠᠭᠠᠯᠠᠬᠤ ᠬᠠᠤᠯᠢ ᠶᠢ ᠤᠬᠠᠭᠤᠯᠤᠨ ᠲᠤᠤᠱᠯᠠᠭᠤᠯᠬᠤ ᠠᠵᠢᠯ ᠢ ᠦᠨᠡᠨᠬᠦ ᠰᠠᠶᠢᠲᠤᠷ ᠬᠢᠬᠦ ᠬᠡᠷᠡᠭᠲᠡᠢ᠃ ᠣᠶᠢᠷ᠎ᠠ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠨᠢᠭᠤᠴᠠ ᠶᠢ ᠬᠠᠮᠠᠭᠠᠯᠠᠬᠤ ᠤᠬᠠᠭᠤᠯᠭ᠎ᠠ ᠬᠥᠮᠦᠵᠢᠯ ᠤᠨ ᠰᠠᠷ᠎ᠠ ᠶᠢᠨ ᠰᠢᠷᠢᠰ ᠠᠵᠢᠯᠯᠠᠭ᠎ᠠ ᠥᠷᠨᠢᠭᠦᠯᠪᠡ᠃    ᠨᠢᠭᠤᠴᠠ ᠶᠢ ᠬᠠᠮᠠᠭᠠᠯᠠᠬᠤ ᠮᠡᠳᠡᠯᠭᠡ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠥᠷᠭᠡᠨ ᠣᠯᠠᠨ ᠲᠦᠮᠡᠨ ᠤ ᠨᠢᠭᠤᠴᠠ ᠶᠢ ᠬᠠᠮᠠᠭᠠᠯᠠᠬᠤ ᠬᠠᠷᠢᠭᠤᠴᠠᠯᠭᠠᠲᠤ ᠰᠡᠳᠬᠢᠯᠭᠡ ᠶᠢ ᠤᠯᠠᠮ ᠨᠢᠭᠡ ᠠᠯᠬᠤᠮ ᠴᠢᠩᠭᠠᠳᠬᠠᠵᠤ᠂ ᠨᠢᠭᠤᠴᠠ ᠶᠢ ᠬᠠᠮᠠᠭᠠᠯᠠᠬᠤ ᠬᠠᠤᠯᠢ ᠳᠦᠷᠢᠮ ᠤᠨ ᠦᠵᠡᠯᠲᠡ ᠪᠠ ᠨᠢᠭᠤᠴᠠ ᠶᠢ ᠬᠠᠮᠠᠭᠠᠯᠠᠬᠤ ᠤᠬᠠᠮᠰᠠᠷ ᠢ ᠴᠢᠩᠭᠠᠳᠬᠠᠬᠤ ᠶᠢᠨ ᠲᠥᠯᠥᠭᠡ᠂ ᠬᠤᠰᠢᠭᠤᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠠᠴᠠ ᠺᠠᠳ᠋ᠷ ᠠᠵᠢᠯᠲᠠᠨ ᠢ ᠵᠣᠬᠢᠶᠠᠨ ᠪᠠᠶᠢᠭᠤᠯᠤᠨ ᠵᠠᠬ᠎ᠠ ᠳᠡᠯᠭᠡᠭᠦᠷ᠂ ᠬᠤᠳᠠᠯᠳᠤᠭᠠᠨ ᠤ ᠲᠠᠯᠠᠪᠤᠷ ᠵᠡᠷᠭᠡ ᠬᠥᠮᠦᠨ ᠬᠠᠷ᠎ᠠ ᠲᠥᠪᠯᠡᠷᠡᠭᠰᠡᠨ ᠲᠠᠯᠠᠪᠤᠷ ᠲᠤ ᠬᠦᠷᠴᠦ ᠨᠢᠭᠤᠴᠠ ᠶᠢ ᠬᠠᠮᠠᠭᠠᠯᠠᠬᠤ ᠮᠡᠳᠡᠯᠭᠡ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠠᠵᠢᠯᠲᠠᠳ ᠣᠯᠠᠨ ᠲᠦᠮᠡᠨ ᠳᠤ ᠨᠢᠭᠤᠴᠠ ᠶᠢ ᠬᠠᠮᠠᠭᠠᠯᠠᠬᠤ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ ᠶᠢᠨ ᠬᠠᠮᠲᠤ ᠨᠢᠭᠤᠴᠠ ᠶᠢ ᠬᠠᠮᠠᠭᠠᠯᠠᠬᠤ ᠬᠠᠮᠢᠶ᠎ᠠ ᠪᠦᠬᠦᠢ ᠮᠡᠳᠡᠯᠭᠡ ᠪᠠ ᠬᠠᠤᠯᠢ ᠴᠠᠭᠠᠵᠠ ᠬᠠᠤᠯᠢ ᠲᠣᠭᠲᠠᠭᠠᠯ ᠢ ᠨᠠᠷᠢᠨ ᠲᠠᠶᠢᠯᠪᠤᠷᠢᠯᠠᠪᠠ᠃    ᠲᠤᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠥᠷᠭᠡᠨ ᠣᠯᠠᠨ ᠲᠦᠮᠡᠨ ᠳᠤ ᠠᠵᠢᠯ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠨᠡᠩ ᠣᠯᠠᠨ ᠨᠢᠭᠤᠴᠠ ᠶᠢ ᠬᠠᠮᠠᠭᠠᠯᠠᠬᠤ ᠮᠡᠳᠡᠯᠭᠡ ᠶᠢ ᠣᠶᠢᠯᠠᠭᠠᠭᠤᠯᠵᠤ᠂ ᠣᠯᠠᠨ ᠤ ᠨᠢᠭᠤᠴᠠ ᠶᠢ ᠬᠠᠮᠠᠭᠠᠯᠠᠬᠤ ᠠᠵᠢᠯ ᠤᠨ ᠤᠬᠠᠮᠰᠠᠷ ᠢ ᠤᠯᠠᠮ ᠨᠢᠭᠡ ᠠᠯᠬᠤᠮ ᠴᠢᠩᠭᠠᠷᠠᠭᠤᠯᠤᠨ᠂ ᠣᠯᠠᠨ ᠤ ᠨᠢᠭᠤᠴᠠ ᠶᠢ ᠬᠠᠮᠠᠭᠠᠯᠠᠬᠤ ᠠᠵᠢᠯ ᠤᠨ ᠴᠢᠳᠠᠪᠤᠷᠢ ᠶᠢ ᠨᠡᠮᠡᠭᠳᠡᠭᠦᠯᠬᠦ ᠬᠡᠷᠡᠭᠲᠡᠢ᠃  
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号