ᠰᠣᠳᠣᠨ ᠵᠢᠭᠤᠯᠴᠢᠯᠠᠯ ᠤᠨ ᠵᠠᠮ ᠱᠤᠭᠤᠮ ᠢᠶᠠᠷ ᠰᠤᠶᠤᠯ ᠵᠢᠭᠤᠯᠴᠢᠯᠠᠯ ᠤᠨ ᠦᠷᠨᠢᠩᠬᠦᠢ ᠬᠦᠭᠵᠢᠯᠳᠡ ᠶᠢ ᠤᠭᠳᠤᠨ᠎ᠠ
ᠨᠡᠶᠢᠲᠡᠯᠡᠭᠰᠡᠨ ᠴᠠᠭ᠄
2024/4/22
  ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠶᠢᠷ᠎ᠠ ᠳᠤ ᠣᠯᠠᠨ ᠵᠢᠭᠤᠯᠴᠢᠯᠠᠯ ᠤᠨ ᠵᠠᠮ ᠱᠤᠭᠤᠮ ᠭᠠᠷᠭᠠᠵᠤ᠂ ᠪᠥᠬᠦ ᠤᠯᠤᠰ ᠤᠨ ᠵᠢᠭᠤᠯᠴᠢᠯᠠᠭᠰᠠᠳ ᠲᠤ ᠦᠵᠡᠰᠬᠦᠯᠡᠩᠳᠦ ᠰᠠᠶᠢᠬᠠᠨ ᠥᠪᠥᠷ ᠮᠣᠩᠭᠤᠯ ᠳᠤ ᠰᠠᠭᠠᠳᠠᠵᠤ᠂ ᠬᠠᠪᠤᠷ ᠤᠨ ᠦᠩᠬᠡ ᠦᠵᠡᠮᠵᠢ ᠶᠢ ᠰᠤᠨᠢᠷᠬᠠᠨ ᠡᠯ᠎ᠠ ᠭᠠᠵᠠᠷ ᠤᠨ ᠵᠠᠩ ᠦᠢᠯᠡ᠂ ᠰᠤᠶᠤᠯ ᠢᠷᠭᠡᠨᠰᠢᠯ ᠢ ᠪᠡᠶᠡᠴᠢᠯᠡᠨ ᠤᠶᠢᠯᠠᠭᠠᠵᠤ᠂ ᠠᠮᠳᠠᠳᠦ ᠢᠳᠡᠭᠡᠨ ᠠᠴᠠ ᠨᠢ ᠠᠮᠰᠨᠨ ᠵᠤᠭᠤᠭᠯᠠᠬᠤ ᠤᠷᠢᠯᠭ᠎ᠠ ᠳᠠᠯᠪᠢᠯ᠎ᠠ᠃   ᠲᠤᠰ ᠤᠳᠠᠭ᠎ᠠ ᠶᠢᠨ ᠭᠠᠷᠭᠠᠭᠰᠠᠨ ︽ᠪᠡᠭᠡᠵᠢᠩ ᠥᠪᠥᠷ ᠮᠣᠩᠭᠤᠯ ᠤᠨ 10 ᠰᠣᠳᠣᠨ ᠵᠢᠭᠤᠯᠴᠢᠯᠠᠯ ᠤᠨ ᠵᠠᠮ ᠱᠤᠭᠤᠮ︾᠎ ᠳᠤ ᠦᠵᠡᠰᠬᠦᠯᠡᠩᠲᠦ ᠰᠠᠶᠢᠬᠠᠨ ᠥᠪᠥᠷ ᠮᠣᠩᠭᠤᠯ · ᠣᠲᠣ ᠦᠶ᠎ᠡ ᠢᠢᠨ ᠲᠠᠯ᠎ᠠ ᠨᠤᠲᠤᠭ ᠤᠨ ᠵᠢᠭᠤᠯᠴᠢᠯᠠᠯ᠂ ᠨᠡᠶᠢᠰᠯᠡᠯ ᠤᠨ ᠠᠷᠤ ᠴᠡᠴᠡᠷᠯᠢᠭ · ᠡᠷᠡᠭᠦᠯᠵᠢᠯ ᠰᠤᠪᠢᠯᠠᠯᠲᠠ ᠠᠮᠠᠷᠠᠯᠳᠠ ᠢᠢᠨ ᠵᠢᠭᠤᠯᠴᠢᠯᠠᠯ᠂ ᠦᠵᠡᠰᠬᠦᠯᠡᠩᠲᠦ ᠰᠠᠶᠢᠬᠠᠨ ᠲᠠᠯ᠎ᠠ ᠨᠤᠲᠤᠭ · ᠶᠡᠭᠡ ᠬᠢᠩᠭᠠᠨ ᠳᠠᠪᠠᠭ᠎ᠠ ᠢᠢᠨ ᠬᠤᠪᠢ ᠶᠢᠨ ᠮᠠᠰᠢᠨ ᠲᠡᠷᠬᠡᠨ ᠤ ᠵᠢᠭᠤᠯᠴᠢᠯᠠᠯ᠂ ᠬᠤᠪᠢᠰᠬᠠᠯᠳᠦ ᠬᠢᠩᠭᠠᠨ · ᠷᠠᠰᠢᠶᠠᠨ ᠤ ᠣᠶ ᠰᠢᠭᠤᠢ ᠢᠢᠨ ᠵᠢᠭᠤᠯᠴᠢᠯᠠᠯ᠂ ᠲᠠᠯ᠎ᠠ ᠨᠤᠲᠤᠭ ᠤᠨ ᠰᠢᠨ᠎ᠡ ᠬᠤᠲᠠ · ᠬᠤᠷᠴᠢᠨ ᠤ ᠬᠠᠶᠢᠨ ᠰᠢᠨᠵᠢᠯᠡᠬᠦ ᠵᠢᠭᠤᠯᠴᠢᠯᠠᠯ᠂ ᠤᠯᠠᠭᠠᠨᠬᠠᠳᠠ ᠢᠢᠨ ᠬᠠᠰ ᠯᠤᠤ · ᠠᠮᠲᠠᠲᠤ ᠢᠳᠡᠭᠡᠨ ᠤ ᠵᠢᠭᠤᠯᠴᠢᠯᠠᠯ᠂ ᠠᠭᠤᠳᠠᠮ ᠲᠠᠯ᠎ᠠ · ᠮᠢᠩᠭᠠᠨ ᠭᠠᠵᠠᠷ ᠤᠨ ᠦᠵᠡᠮᠵᠢ ᠪᠡᠶ᠎ᠠ ᠲᠠᠮᠢᠷ ᠤᠨ ᠵᠢᠭᠤᠯᠴᠢᠯᠠᠯ᠂ ᠬᠠᠲᠤᠨ ᠭᠤᠣᠯ ᠤᠨ ᠶᠡᠭᠡ ᠲᠤᠬᠤᠢ · ᠰᠣᠶᠣᠯ ᠤᠨ ᠡᠬᠢ ᠡᠭᠦᠰᠦᠯ ᠢ ᠰᠤᠳᠤᠯᠤᠨ ᠰᠤᠷᠤᠯᠴᠠᠬᠤ ᠵᠢᠭᠤᠯᠴᠢᠯᠠᠯ᠂ ᠮᠢᠩᠭᠠᠨ ᠣᠨ ᠤ ᠲᠣᠣᠷᠠᠢ · ᠡᠯᠡᠰᠦᠨ ᠴᠥᠯ ᠤᠨ ᠵᠢᠭᠤᠯᠴᠢᠯᠠᠯ᠂ ᠳᠥᠷᠪᠡᠨ ᠤᠯᠠᠷᠢᠯ ᠤᠨ ᠦᠵᠡᠮᠵᠢ · ᠮᠥᠰᠥ ᠴᠠᠰᠤᠨ ᠤ ᠵᠢᠭᠤᠯᠴᠢᠯᠠᠯ ᠵᠡᠷᠭᠡ 10 ᠵᠤᠷᠪᠤᠰ ᠰᠤᠳᠤᠨ ᠵᠢᠭᠤᠯᠴᠢᠯᠠᠯ ᠤᠨ ᠵᠠᠮ ᠱᠤᠭᠤᠮ ᠨᠢ ᠪᠦᠬᠦ ᠤᠷᠤᠨ ᠤ 12 ᠠᠶᠢᠮᠠᠭ ᠬᠤᠳᠠ ᠢᠢᠨ ᠰᠤᠩᠭᠤᠳᠠᠭ ᠦᠵᠡᠮᠵᠢ ᠶᠢᠨ ᠴᠡᠭ ᠪᠦᠬᠦᠨ ᠢ ᠬᠠᠮᠤᠷᠴᠤ᠂ ᠵᠢᠭᠤᠯᠴᠢᠯᠠᠭᠰᠠᠳ ᠲᠤ ‍ᠤᠮᠠᠷᠠᠳᠤ ᠬᠢᠯᠢ ᠶᠢᠨ ᠦᠵᠡᠮᠵᠢ ᠶᠢ ᠰᠤᠨᠢᠷᠬᠠᠭᠤᠯᠬᠤ ᠶᠢᠨ ᠬᠠᠮᠳᠤ ᠤᠮᠠᠷᠠᠳᠤ ᠬᠢᠯᠢ ᠶᠢᠨ ᠰᠤᠶᠤᠯ ᠢ ᠤᠶᠢᠯᠠᠭᠠᠭᠤᠯᠬᠤ ᠪᠤᠯᠤᠨ᠎ᠠ᠃   ᠲᠤᠰ ᠤᠳᠠᠭ᠎ᠠ ᠪᠠᠰᠠ ︽ᠥᠪᠥᠷ ᠮᠣᠩᠭᠤᠯᠴᠤᠳ ᠦᠪᠤᠷ ᠮᠤᠩᠭᠤᠯ ᠳᠠᠭᠠᠨ ᠵᠢᠭᠤᠯᠴᠢᠯᠠᠬᠤ ᠰᠣᠳᠣᠨ ᠵᠢᠭᠤᠯᠴᠢᠯᠠᠯ ᠤᠨ ᠱᠤᠭᠤᠮ︾᠎ ᠢ ᠭᠠᠷᠭᠠᠵᠤ᠂ ᠬᠥᠬᠡᠬᠤᠲᠠ ᠢᠢᠨ ︽ᠬᠠᠶᠢᠷ᠎ᠠ ᠪᠢᠯᠬᠠᠭᠰᠠᠨ ᠬᠥᠬᠡᠬᠤᠲᠠ︾ 5 ᠡᠳᠦᠷ ᠤᠨ ᠵᠢᠭᠤᠯᠴᠢᠯᠠᠯ᠂ ᠪᠤᠭᠤᠲᠤ ᠬᠤᠲᠠ  ᠎ ᠶᠢᠨ ︽ᠮᠢᠨᠤ ᠬᠠᠪᠤᠷ ᠤᠨ ᠪᠣᠯᠵᠤᠭ᠎ᠠ︾ 3 ᠡᠳᠦᠷ ᠤᠨ ᠵᠢᠭᠤᠯᠴᠢᠯᠠᠯ ᠂ ᠬᠥᠯᠥᠨ ᠪᠤᠶᠢᠷ ᠬᠤᠲᠠ ᠢᠢᠨ ︽ᠴᠡᠴᠡᠭᠳᠦ ᠤᠯᠠᠷᠢᠯ ᠤᠨ ᠪᠠᠭ᠋ᠠᠷᠬᠠᠯ︾ 4 ᠡᠳᠦᠷ ᠤᠨ ᠵᠢᠭᠤᠯᠴᠢᠯᠠᠯ᠂ ᠬᠢᠩᠭᠠᠨ ᠠᠶᠢᠮᠠᠭ ᠤᠨ ︽ᠬᠠᠪᠤᠷ ᠰᠠᠭᠠᠳᠠᠭᠰᠠᠨ ᠨᠤᠲᠤᠭ︾ 5 ᠡᠳᠦᠷ ᠤᠨ ᠵᠢᠭᠤᠯᠴᠢᠯᠠᠯ᠂ ᠲᠦᠩᠯᠢᠶᠤᠤ ᠬᠤᠳᠠ ᠢᠢᠨ ︽ᠪᠠᠷᠠᠭᠤᠨ ᠯᠢᠶᠤᠤ ᠾᠧ ᠭᠤᠤᠯ ᠤᠨ ᠬᠠᠪᠤᠷ ᠤᠨ ᠦᠵᠡᠮᠵᠢ︾ 3 ᠡᠳᠦᠷ ᠤᠨ ᠵᠢᠭᠤᠯᠴᠢᠯᠠᠯ᠂ ᠤᠯᠠᠭᠠᠨᠬᠠᠳᠠ ᠬᠤᠳᠠ ᠢᠢᠨ 5 ᠡᠳᠦᠷ ᠤᠨ ᠰᠤᠳᠤᠨ ᠵᠢᠭᠤᠯᠴᠢᠯᠠᠯ᠂ ᠰᠢᠯᠢ ᠢᠢᠨ ᠭᠤᠤᠯ ᠠᠶᠢᠮᠠᠭ ᠤᠨ ᠬᠤᠪᠢ ᠶᠢᠨ ᠮᠠᠰᠢᠨ ᠲᠡᠷᠬᠡᠨ ᠤ 4 ᠡᠳᠦᠷ ᠤᠨ ᠵᠢᠭᠤᠯᠴᠢᠯᠠᠯ᠂ ᠤᠯᠠᠭᠠᠨᠴᠠᠪ ᠬᠤᠳᠠ  ᠎ ᠶᠢᠨ 3 ᠡᠳᠦᠷ ᠤᠨ ᠰᠤᠳᠤᠨ ᠵᠢᠭᠤᠯᠴᠢᠯᠠᠯ᠂ ᠤᠷᠳᠤᠰ ᠬᠤᠳᠠ ᠶᠢᠨ 3 ᠡᠳᠦᠷ ᠤᠨ ᠭᠡᠷ ᠪᠦᠯᠢ ᠢᠢᠨ ᠵᠢᠭᠤᠯᠴᠢᠯᠠᠯ᠂ ᠪᠠᠶᠠᠠᠨᠠᠭᠤᠷ ᠬᠤᠳᠠ ᠶᠢᠨ ︽ᠮᠤᠨᠢ ᠢᠢᠨ ᠠᠶᠠᠨ︾ 5 ᠡᠳᠦᠷ ᠤᠨ ᠵᠢᠭᠤᠯᠴᠢᠯᠠᠯ᠂ ᠦᠬᠠᠢ ᠬᠤᠳᠠ ᠶᠢᠨ ᠦᠵᠡᠰᠬᠦᠯᠡᠩᠳᠦ ᠦᠬᠠᠢ ᠢᠢᠨ 3 ᠡᠳᠦᠷ ᠤᠨ ᠵᠢᠭᠤᠯᠴᠢᠯᠠᠯ᠂ ᠠᠯᠠᠱᠠ ᠠᠶᠢᠮᠠᠭ ᠤᠨ ︽ᠠᠯᠠᠱᠠ ᠶᠢ ᠵᠤᠷᠢᠬᠤᠢ︾ 5 ᠡᠳᠦᠷ ᠤᠨ ᠵᠢᠭᠤᠯᠴᠢᠯᠠᠯ᠂ ᠮᠠᠨᠵᠤᠤᠷ ᠬᠤᠳᠠ ᠶᠢᠨ 2 ᠡᠳᠦᠷ ᠤᠨ ᠵᠢᠭᠤᠯᠴᠢᠯᠠᠯ ᠵᠡᠷᠬᠡ ᠵᠠᠮ ᠱᠤᠭᠤᠮ ᠢ ᠪᠠᠭᠳᠠᠭᠠᠪᠠ᠃ ᠡᠳᠡᠬᠡᠷ ᠵᠠᠮ ᠱᠤᠭᠤᠮ ᠳᠤ ᠡᠯ᠎ᠠ ᠠᠶᠢᠮᠠᠬ ᠬᠤᠳᠠ ᠎ ᠶᠢᠨ ᠨᠡᠷᠡᠳᠦ ᠵᠢᠭᠤᠯᠴᠢᠯᠠᠯ ᠤᠨ ᠭᠠᠵᠠᠷ᠂ ᠲᠡᠦᠬᠡ᠂ ᠰᠤᠶᠤᠯ ᠢᠷᠭᠡᠨᠰᠢᠯ᠂ ᠪᠣᠳᠠᠰ ᠤᠨ ᠪᠤᠰᠤ ᠰᠣᠶᠣᠯ ᠤᠨ ᠥᠪ᠂ ᠠᠷᠠᠳ ᠤᠨ ᠵᠠᠩ ᠦᠢᠯᠡ ᠵᠡᠷᠬᠡ ᠠᠭᠤᠯᠭ᠎ᠠ ᠶᠢ ᠬᠠᠮᠤᠷᠴᠦ᠂ ᠠᠶᠠᠯᠠᠯ ᠤᠨ ᠴᠠᠭ ᠬᠤᠭᠤᠴᠠᠭ᠎ᠠ ᠶᠢ ᠲᠤᠭᠳᠠᠭᠠᠭᠰᠠᠨ ᠮᠦᠷᠳᠡᠭᠡᠨ ᠪᠠᠰᠠ ᠵᠠᠷᠤᠳᠠᠯ ᠮᠦᠩᠬᠦ᠂ ᠬᠤᠨᠤᠭ ᠪᠠᠭᠤᠳᠠᠯ᠂ ᠡᠬᠦᠳᠡᠨ ᠪᠢᠯᠧᠲ᠂ ᠬᠤᠭᠤᠯᠠ ᠤᠮᠳᠠ ᠵᠡᠷᠬᠡ ᠲᠠᠯ᠎ᠠ ᠪᠠᠷ ᠵᠢᠭᠤᠯᠴᠢᠯᠠᠭᠰᠠᠳ ᠲᠤ ᠲᠦᠬᠦᠮ ᠳᠦᠳᠡ ᠨᠦᠬᠦᠴᠡᠯ ᠪᠤᠯᠤᠯᠴᠠᠭ᠎ᠠ ᠶᠢ ᠪᠦᠷᠢᠯᠳᠦᠬᠦᠯᠦᠨ ᠦᠭᠴᠠᠢ᠃   ᠭᠤᠸᠠᠩᠵᠧᠦ᠂ ᠱᠠᠩᠬᠠᠢ ᠵᠡᠷᠭᠡ ᠭᠠᠵᠠᠷ ᠤᠨ ᠵᠢᠭᠤᠯᠴᠢᠯᠠᠭᠰᠠᠳ ᠲᠤ ᠴᠢᠭᠯᠡᠭᠦᠯᠦᠨ ︽ᠯᠤᠤ ᠵᠢᠯ ᠤᠨ ᠵᠢᠭᠤᠯᠴᠢᠯᠠᠯ︾ ᠬᠤᠩᠱᠠᠨ ᠰᠣᠶᠣᠯ ᠤᠨ 4 ᠡᠳᠦᠷ ᠤᠨ ᠵᠢᠭᠤᠯᠴᠢᠯᠠᠯ ᠤᠨ ᠰᠣᠳᠣᠨ ᠵᠠᠮ ᠱᠤᠭᠤᠮ᠂ ᠠᠯᠠᠱᠠ ᠶᠢᠨ ᠮᠢᠩᠭᠠᠨ ᠣᠨ ᠤ ᠲᠣᠣᠷᠠᠢ · ᠠᠯᠲᠠᠨ ᠰᠢᠷᠭᠠᠯ ᠡᠯᠡᠰᠦ ᠶᠢᠨ 7 ᠡᠳᠦᠷ ᠤᠨ ᠵᠢᠭᠤᠯᠴᠢᠯᠠᠯ ᠤᠨ ᠰᠣᠳᠣᠨ ᠵᠠᠮ ᠱᠤᠭᠤᠮ ᠂ ᠰᠢᠯᠢ ᠶᠢᠨ ᠭᠤᠣᠯ ᠠᠶᠢᠮᠠᠭ ᠤᠨ ᠮᠢᠩᠭᠠᠨ ᠭᠠᠵᠠᠷ ᠤᠨ ᠦᠵᠡᠮᠵᠢ · ᠲᠠᠯ᠎ᠠ ᠨᠤᠲᠤᠭ ᠤᠨ 5 ᠡᠳᠦᠷ ᠤᠨ ᠵᠢᠭᠤᠯᠴᠢᠯᠠᠯ ᠤᠨ ᠰᠣᠳᠣᠨ ᠵᠠᠮ ᠱᠤᠭᠤᠮ ᠵᠡᠷᠭᠡ 10 ᠵᠤᠷᠪᠤᠰ ᠵᠢᠭᠤᠯᠴᠢᠯᠠᠯ ᠤᠨ ᠰᠣᠳᠣᠨ ᠵᠠᠮ ᠱᠤᠭᠤᠮ ᠭᠠᠷᠭᠠᠵᠤ ᠂ ᠬᠤᠯᠠ ᠶᠢᠨ ᠵᠢᠭᠤᠯᠴᠢᠯᠠᠭᠰᠠᠳ ᠢ ᠦᠵᠡᠰᠬᠦᠯᠡᠩᠲᠦ ᠰᠠᠶᠢᠬᠠᠨ ᠤᠮᠠᠷᠠᠲᠤ ᠬᠢᠯᠢ ᠪᠠᠷ ᠪᠠᠭ᠋ᠠᠳᠤᠨ ᠵᠤᠭᠠᠴᠠᠭᠤᠯᠵᠦ᠂ ᠦᠪᠤᠷ ᠮᠤᠩᠭᠤᠯ ᠢ ᠬᠦᠨᠵᠡᠬᠡᠢ ᠤᠶᠢᠯᠠᠭᠠᠬᠤ ᠳᠤ ᠨᠦᠬᠦᠴᠡᠯ ᠪᠦᠷᠢᠳᠦᠬᠦᠯᠵᠤ ᠦᠭᠪᠠ᠃ ᠪᠠᠰᠠ ᠶᠠᠭᠰᠢ ᠬᠤᠳᠠ᠂ ᠭᠡᠭᠡᠨ ᠭᠤᠣᠯ ᠬᠤᠳᠠ᠂ ᠨᠠᠢᠮᠠᠨ ᠬᠤᠰᠢᠭᠤ᠂ ᠠᠷᠤᠨ ᠬᠤᠰᠢᠭᠤ ᠵᠡᠷᠭᠡ ᠭᠠᠵᠠᠷ ᠢ ᠪᠠᠭᠳᠠᠭᠠᠭᠰᠠᠨ 12 ᠵᠤᠷᠪᠤᠰ ᠬᠠᠪᠤᠷ ᠤᠨ ᠤᠯᠠᠷᠢᠯ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠵᠠᠮ ᠱᠤᠭᠤᠮ ᠭᠠᠷᠭᠠᠵᠤ᠂ ᠥᠷᠭᠡᠨ ᠤᠯᠠᠨ ᠵᠢᠭᠤᠯᠴᠢᠯᠠᠭᠰᠠᠳ ᠲᠤ ᠤᠮᠠᠷᠠᠲᠤ ᠬᠢᠯᠢ ᠢᠢᠨ ᠲᠦᠯᠵᠢᠬᠦ ᠬᠠᠪᠤᠷ ᠤᠨ ᠥᠪᠡᠷᠮᠢᠴᠡ ᠦᠩᠬᠡ ᠦᠵᠡᠮᠵᠢ ᠶᠢ ᠰᠣᠨᠢᠷᠬᠠᠭᠤᠯᠬᠤ ᠶᠢ ᠵᠤᠷᠢᠭᠰᠠᠨ ᠪᠠᠶᠢᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号