ᠮᠠᠨ ᠤ ᠤᠷᠤᠨ ᠰᠢᠨ᠎ᠡ ᠡᠨᠧᠷᠭᠢ ᠶᠢᠨ ᠲᠦᠷᠢᠶᠡᠰᠦᠨ ᠮᠠᠰᠢᠨ ᠲᠡᠷᠭᠡᠨ ᠤ ᠱᠠᠩᠨᠠᠯ ᠨᠥᠬᠦᠪᠥᠷᠢ ᠶᠢᠨ ᠲᠦᠷᠢᠮ ᠳᠤ ᠵᠠᠰᠠᠪᠤᠷᠢ ᠣᠷᠣᠭᠤᠯᠪᠠ
ᠨᠡᠶᠢᠲᠡᠯᠡᠭᠰᠡᠨ ᠴᠠᠭ᠄
2024/4/22
   ᠰᠢᠨ᠎ᠡ ᠡᠨᠧᠷᠭᠢ ᠶᠢᠨ ᠲᠣᠭᠤᠷᠢᠨ ᠠᠶᠠᠯᠠᠬᠤ ᠲᠦᠷᠢᠶᠡᠰᠦᠨ ᠮᠠᠰᠢᠨ ᠲᠡᠷᠭᠡ ᠶᠢ ᠳᠡᠯᠭᠡᠷᠡᠭᠦᠯᠦᠨ ᠬᠡᠷᠡᠭᠯᠡᠬᠦ ᠶᠢ ᠠᠬᠢᠭᠤᠯᠬᠤ ᠶᠢᠨ ᠲᠥᠯᠥᠭᠡ᠂ ᠤᠶᠢᠷ᠎ᠠ ᠳᠤ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠪᠣᠯᠤᠨ ᠡᠳ᠋ ᠤᠨ ᠵᠠᠰᠠᠭ ᠤᠨ ᠲᠢᠩᠬᠢᠮ ᠬᠠᠮᠲᠤᠷᠠᠨ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠠᠷᠪᠠᠨ ᠳᠥᠷᠪᠡᠳᠦᠭᠡᠷ ᠲᠠᠪᠤᠨ ᠵᠢᠯ ᠤᠨ ᠬᠤᠭᠤᠴᠠᠭᠠᠨ ᠳᠤ ᠰᠢᠨ᠎ᠡ ᠡᠨᠧᠷᠭᠢ ᠶᠢᠨ ᠲᠣᠭᠤᠷᠢᠨ ᠠᠶᠠᠯᠠᠬᠤ ᠲᠦᠷᠢᠶᠡᠰᠦᠨ ᠮᠠᠰᠢᠨ ᠲᠡᠷᠭᠡ ᠶᠢ ᠳᠡᠯᠭᠡᠷᠡᠭᠦᠯᠦᠨ ᠬᠡᠷᠡᠭᠯᠡᠬᠦ ᠱᠠᠩᠨᠠᠯ ᠨᠥᠬᠦᠪᠥᠷᠢ ᠶᠢᠨ ᠲᠤᠬᠠᠢ ᠬᠡᠷᠡᠭᠵᠢᠭᠦᠯᠬᠦ ᠨᠠᠷᠢᠨ ᠲᠦᠷᠢᠮ︾᠎ ᠢ ᠳᠠᠷᠤᠮᠠᠯᠯᠠᠨ ᠲᠠᠷᠬᠠᠭᠠᠪᠠ᠃   ︽ᠨᠠᠷᠢᠨ ᠲᠦᠷᠢᠮ︾᠎ ᠳᠤ᠂ ᠱᠠᠭᠠᠷᠳᠠᠯᠭ᠎ᠠ ᠳᠤ ᠨᠡᠶᠢᠴᠡᠭᠰᠡᠨ ᠴᠠᠬᠢᠯᠭᠠᠨ ᠴᠡᠨᠡᠭᠯᠡᠵᠦ ᠲᠣᠭᠤᠷᠢᠨ ᠠᠶᠠᠯᠠᠬᠤ ᠲᠦᠷᠢᠶᠡᠰᠦᠨ ᠮᠠᠰᠢᠨ ᠲᠡᠷᠭᠡ ᠬᠤᠳᠠᠯᠳᠤᠨ ᠠᠪᠬᠤ ᠳᠤ ᠲᠡᠷᠭᠡ ᠪᠦᠷᠢ ᠳᠤ 4 ᠲᠦᠮᠡᠨ ᠲᠥᠭᠦᠷᠢᠭ ᠤᠨ ᠨᠦᠬᠦᠪᠦᠷᠢ ᠤᠯᠭᠤᠵᠤ᠂ ᠱᠠᠭᠠᠷᠳᠠᠯᠭ᠎ᠠ ᠳᠤ ᠨᠡᠶᠢᠴᠡᠭᠰᠡᠨ ᠴᠠᠬᠢᠯᠭᠠᠨ ᠰᠣᠯᠢᠵᠤ ᠲᠣᠭᠤᠷᠢᠨ ᠠᠶᠠᠯᠠᠬᠤ ᠲᠦᠷᠢᠶᠡᠰᠦᠨ ᠮᠠᠰᠢᠨ ᠲᠡᠷᠭᠡ ᠬᠤᠳᠠᠯᠳᠤᠨ ᠠᠪᠬᠤ ᠳᠤ ᠲᠡᠷᠭᠡ ᠪᠦᠷᠢ ᠳᠤ 4.5 ᠲᠦᠮᠡᠨ ᠲᠥᠭᠦᠷᠢᠭ ᠤᠨ ᠨᠦᠬᠦᠪᠦᠷᠢ ᠤᠯᠭᠤᠵᠤ᠂ ᠤᠯᠤᠰ ᠠᠴᠠ ᠲᠣᠭᠲᠠᠭᠠᠭᠰᠠᠨ ᠠᠯᠪᠠᠳᠠᠯᠭ᠎ᠠ ᠪᠠᠷ ᠬᠡᠷᠡᠭᠯᠡᠭᠡᠨ ᠠᠴᠠ ᠭᠠᠷᠭᠠᠬᠤ ᠪᠠᠷᠢᠮᠵᠢᠶ᠎ᠠ ᠶᠤᠰᠤᠭᠠᠷ ᠰᠢᠲᠠᠭᠠᠯᠭ᠎ᠠ ᠶᠢᠨ ᠲᠣᠰᠣ ︵ᠬᠡᠶ︶ ᠬᠡᠷᠡᠭᠯᠡᠵᠤ ᠪᠠᠶᠢᠭ᠎ᠠ ᠲᠣᠭᠤᠷᠢᠨ ᠠᠶᠠᠯᠠᠬᠤ ᠲᠦᠷᠢᠶᠡᠰᠦᠨ ᠮᠠᠰᠢᠨ ᠲᠡᠷᠭᠡ ᠶᠢ 12 ᠰᠠᠷ᠎ᠠ ᠠᠴᠠ ᠳᠡᠭᠡᠭᠰᠢ ᠤᠷᠢᠳᠴᠢᠯᠠᠨ ᠰᠢᠨ᠎ᠡ ᠡᠨᠧᠷᠭᠢ ᠶᠢᠨ ᠲᠣᠭᠤᠷᠢᠨ ᠠᠶᠠᠯᠠᠬᠤ ᠮᠠᠰᠢᠨ ᠲᠡᠷᠭᠡ ᠪᠤᠯᠭᠠᠨ ᠰᠢᠨᠡᠳᠬᠡᠭᠰᠡᠨ ᠪᠤᠯ ᠮᠠᠰᠢᠨ ᠲᠡᠷᠭᠡ ᠪᠦᠷᠢ ᠳᠤ ᠳᠠᠬᠢᠨ 5000 ᠲᠥᠭᠦᠷᠢᠭ ᠤᠨ ᠱᠠᠩᠨᠠᠯ ᠤᠯᠭᠤᠨ᠎ᠠ᠃ ᠲᠦᠷᠢᠶᠡᠰᠦᠨ ᠮᠠᠰᠢᠨ ᠲᠡᠷᠭᠡᠨ ᠤ ᠲᠤᠰᠬᠠᠶ ᠴᠠᠬᠢᠯᠭᠠᠨ ᠴᠡᠨᠡᠭᠯᠡᠬᠦ ᠥᠷᠲᠡᠭᠡ ᠶᠢᠨ ᠪᠦᠲᠦᠭᠡᠨ ᠪᠠᠶᠢᠭᠤᠯᠤᠯᠲᠠ ᠶᠢᠨ ᠨᠥᠬᠦᠪᠥᠷᠢ ᠶᠢ ᠪᠣᠳᠠᠲᠠᠶ ᠠᠵᠢᠯᠯᠠᠭᠠᠨ ᠤ ᠴᠢᠳᠠᠮᠵᠢ ᠪᠠᠷ ᠪᠣᠳᠣᠵᠤ ᠦᠭᠬᠦᠨ᠂ ᠬᠢᠯᠦᠸᠠᠲ ᠪᠦᠷᠢ ᠳᠤ 100 ᠲᠥᠭᠦᠷᠢᠭ ᠤᠨ ᠪᠠᠷᠢᠮᠵᠢᠶ᠎ᠠ ᠪᠠᠷ ᠨᠢᠭᠡ ᠯᠡ ᠤᠳᠠᠭ᠎ᠠ ᠶᠢᠨ ᠴᠢᠨᠠᠷᠲᠠᠶ ᠨᠥᠬᠦᠪᠥᠷᠢ ᠣᠯᠭᠤᠵᠤ᠂ ᠨᠢᠭᠡ ᠴᠠᠬᠢᠯᠭᠠᠨ ᠴᠡᠨᠡᠭᠯᠡᠬᠦ ᠥᠷᠲᠡᠭᠡ ᠳᠤ ᠤᠯᠭᠤᠬᠤ ᠨᠦᠬᠦᠪᠤᠷᠢ ᠶᠢ ᠬᠠᠮᠤᠭ ᠤᠨ ᠥᠨᠳᠥᠷ ᠲᠡᠭᠡᠨ 30 ᠲᠦᠮᠡᠨ ᠲᠥᠭᠦᠷᠢᠭ ᠠᠴᠠ ᠲᠠᠪᠠᠭᠤᠯᠬᠤ ᠦᠬᠡᠢ︔ ᠲᠦᠷᠢᠶᠡᠰᠦᠨ ᠮᠠᠰᠢᠨ ᠲᠡᠷᠭᠡ ᠶᠢᠨ ᠲᠤᠰᠬᠠᠶ ᠴᠠᠬᠢᠯᠭᠠᠨ ᠰᠣᠯᠢᠬᠤ ᠦᠷᠲᠡᠭᠡ ᠶᠢᠨ ᠪᠦᠲᠦᠭᠡᠨ ᠪᠠᠶᠢᠭᠤᠯᠤᠯᠲᠠ ᠶᠢᠨ ᠨᠥᠬᠦᠪᠥᠷᠢ ᠶᠢ ᠪᠣᠳᠠᠲᠠᠶ ᠠᠵᠢᠯᠯᠠᠭᠠᠨ ᠤ ᠴᠢᠳᠠᠮᠵᠢ ᠪᠠᠷ ᠨᠢ ᠪᠣᠳᠣᠵᠤ ᠦᠭᠬᠦᠨ᠂ ᠬᠢᠯᠦᠸᠠᠲ ᠪᠦᠷᠢ ᠳᠤ 800 ᠲᠥᠭᠦᠷᠢᠭ ᠤᠨ ᠪᠠᠷᠢᠮᠵᠢᠶ᠎ᠠ ᠪᠠᠷ ᠨᠢᠭᠡ ᠯᠡ ᠤᠳᠠᠭ᠎ᠠ ᠶᠢᠨ ᠴᠢᠨᠠᠷᠲᠠᠶ ᠨᠥᠬᠦᠪᠥᠷᠢ ᠤᠯᠭᠤᠵᠤ᠂ ᠨᠢᠭᠡ ᠥᠷᠲᠡᠭᠡ ᠳᠤ ᠤᠯᠭᠤᠬᠤ ᠨᠦᠬᠦᠪᠤᠷᠢ ᠶᠢ ᠬᠠᠮᠤᠭ ᠤᠨ ᠥᠨᠳᠥᠷ ᠲᠡᠭᠡᠨ 150 ᠲᠦᠮᠡᠨ ᠲᠥᠭᠦᠷᠢᠭ ᠠᠴᠠ ᠳᠠᠪᠠᠭᠤᠯᠬᠤ ᠦᠭᠡᠶ ᠬᠡᠵᠤ ᠲᠤᠭᠳᠠᠭᠠᠪᠠ᠃   
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号