ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠶᠢᠷ᠎ᠠ ᠳᠤ ᠣᠯᠠᠨ ᠵᠢᠭᠤᠯᠴᠢᠯᠠᠯ ᠤᠨ | ᠵᠠᠮ ᠱᠤᠭᠤᠮ ᠭᠠᠷᠭᠠᠵᠤ᠂ ᠪᠥᠬᠦ ᠤᠯᠤᠰ ᠤᠨ ᠵᠢᠭᠤᠯᠴᠢᠯᠠᠭᠰᠠᠳ ᠲᠤ ᠦᠵᠡᠰᠬᠦᠯᠡᠩᠳᠦ ᠰᠠᠶᠢᠬᠠᠨ ᠥᠪᠥᠷ | ᠮᠣᠩᠭᠤᠯ ᠳᠤ ᠰᠠᠭᠠᠳᠠᠵᠤ᠂ ᠬᠠᠪᠤᠷ ᠤᠨ ᠦᠩᠬᠡ ᠦᠵᠡᠮᠵᠢ ᠶᠢ ᠰᠤᠨᠢᠷᠬᠠᠨ ᠡᠯ᠎ᠠ ᠭᠠᠵᠠᠷ ᠤᠨ ᠵᠠᠩ ᠦᠢᠯᠡ᠂ | ᠰᠤᠶᠤᠯ ᠢᠷᠭᠡᠨᠰᠢᠯ ᠢ ᠪᠡᠶᠡᠴᠢᠯᠡᠨ ᠤᠶᠢᠯᠠᠭᠠᠵᠤ᠂ ᠠᠮᠳᠠᠳᠦ ᠢᠳᠡᠭᠡᠨ ᠠᠴᠠ ᠨᠢ ᠠᠮᠰᠨᠨ ᠵᠤᠭᠤᠭᠯᠠᠬᠤ ᠤᠷᠢᠯᠭ᠎ᠠ | ᠳᠠᠯᠪᠢᠯ᠎ᠠ᠃ | ᠲᠤᠰ ᠤᠳᠠᠭ᠎ᠠ ᠶᠢᠨ ᠭᠠᠷᠭᠠᠭᠰᠠᠨ ︽ᠪᠡᠭᠡᠵᠢᠩ ᠥᠪᠥᠷ ᠮᠣᠩᠭᠤᠯ ᠤᠨ 10 ᠰᠣᠳᠣᠨ ᠵᠢᠭᠤᠯᠴᠢᠯᠠᠯ ᠤᠨ ᠵᠠᠮ | ᠱᠤᠭᠤᠮ︾ ᠳᠤ ᠦᠵᠡᠰᠬᠦᠯᠡᠩᠲᠦ ᠰᠠᠶᠢᠬᠠᠨ ᠥᠪᠥᠷ ᠮᠣᠩᠭᠤᠯ · ᠣᠲᠣ ᠦᠶ᠎ᠡ ᠢᠢᠨ ᠲᠠᠯ᠎ᠠ ᠨᠤᠲᠤᠭ ᠤᠨ | ᠵᠢᠭᠤᠯᠴᠢᠯᠠᠯ᠂ ᠨᠡᠶᠢᠰᠯᠡᠯ ᠤᠨ ᠠᠷᠤ ᠴᠡᠴᠡᠷᠯᠢᠭ · ᠡᠷᠡᠭᠦᠯᠵᠢᠯ ᠰᠤᠪᠢᠯᠠᠯᠲᠠ ᠠᠮᠠᠷᠠᠯᠳᠠ ᠢᠢᠨ ᠵᠢᠭᠤᠯᠴᠢᠯᠠᠯ᠂ | ᠦᠵᠡᠰᠬᠦᠯᠡᠩᠲᠦ ᠰᠠᠶᠢᠬᠠᠨ ᠲᠠᠯ᠎ᠠ ᠨᠤᠲᠤᠭ · ᠶᠡᠭᠡ ᠬᠢᠩᠭᠠᠨ ᠳᠠᠪᠠᠭ᠎ᠠ ᠢᠢᠨ ᠬᠤᠪᠢ ᠶᠢᠨ ᠮᠠᠰᠢᠨ ᠲᠡᠷᠬᠡᠨ ᠤ | ᠵᠢᠭᠤᠯᠴᠢᠯᠠᠯ᠂ ᠬᠤᠪᠢᠰᠬᠠᠯᠳᠦ ᠬᠢᠩᠭᠠᠨ · ᠷᠠᠰᠢᠶᠠᠨ ᠤ ᠣᠶ ᠰᠢᠭᠤᠢ ᠢᠢᠨ ᠵᠢᠭᠤᠯᠴᠢᠯᠠᠯ᠂ ᠲᠠᠯ᠎ᠠ ᠨᠤᠲᠤᠭ ᠤᠨ | ᠰᠢᠨ᠎ᠡ ᠬᠤᠲᠠ · ᠬᠤᠷᠴᠢᠨ ᠤ ᠬᠠᠶᠢᠨ ᠰᠢᠨᠵᠢᠯᠡᠬᠦ ᠵᠢᠭᠤᠯᠴᠢᠯᠠᠯ᠂ ᠤᠯᠠᠭᠠᠨᠬᠠᠳᠠ ᠢᠢᠨ ᠬᠠᠰ ᠯᠤᠤ · ᠠᠮᠲᠠᠲᠤ | ᠢᠳᠡᠭᠡᠨ ᠤ ᠵᠢᠭᠤᠯᠴᠢᠯᠠᠯ᠂ ᠠᠭᠤᠳᠠᠮ ᠲᠠᠯ᠎ᠠ · ᠮᠢᠩᠭᠠᠨ ᠭᠠᠵᠠᠷ ᠤᠨ ᠦᠵᠡᠮᠵᠢ ᠪᠡᠶ᠎ᠠ ᠲᠠᠮᠢᠷ ᠤᠨ ᠵᠢᠭᠤᠯᠴᠢᠯᠠᠯ᠂ | ᠬᠠᠲᠤᠨ ᠭᠤᠣᠯ ᠤᠨ ᠶᠡᠭᠡ ᠲᠤᠬᠤᠢ · ᠰᠣᠶᠣᠯ ᠤᠨ ᠡᠬᠢ ᠡᠭᠦᠰᠦᠯ ᠢ ᠰᠤᠳᠤᠯᠤᠨ ᠰᠤᠷᠤᠯᠴᠠᠬᠤ ᠵᠢᠭᠤᠯᠴᠢᠯᠠᠯ᠂ | ᠮᠢᠩᠭᠠᠨ ᠣᠨ ᠤ ᠲᠣᠣᠷᠠᠢ · ᠡᠯᠡᠰᠦᠨ ᠴᠥᠯ ᠤᠨ ᠵᠢᠭᠤᠯᠴᠢᠯᠠᠯ᠂ ᠳᠥᠷᠪᠡᠨ ᠤᠯᠠᠷᠢᠯ ᠤᠨ ᠦᠵᠡᠮᠵᠢ · ᠮᠥᠰᠥ | ᠴᠠᠰᠤᠨ ᠤ ᠵᠢᠭᠤᠯᠴᠢᠯᠠᠯ ᠵᠡᠷᠭᠡ 10 ᠵᠤᠷᠪᠤᠰ ᠰᠤᠳᠤᠨ ᠵᠢᠭᠤᠯᠴᠢᠯᠠᠯ ᠤᠨ ᠵᠠᠮ ᠱᠤᠭᠤᠮ ᠨᠢ ᠪᠦᠬᠦ ᠤᠷᠤᠨ ᠤ 12 | ᠠᠶᠢᠮᠠᠭ ᠬᠤᠳᠠ ᠢᠢᠨ ᠰᠤᠩᠭᠤᠳᠠᠭ ᠦᠵᠡᠮᠵᠢ ᠶᠢᠨ ᠴᠡᠭ ᠪᠦᠬᠦᠨ ᠢ ᠬᠠᠮᠤᠷᠴᠤ᠂ ᠵᠢᠭᠤᠯᠴᠢᠯᠠᠭᠰᠠᠳ ᠲᠤ ᠤᠮᠠᠷᠠᠳᠤ | ᠬᠢᠯᠢ ᠶᠢᠨ ᠦᠵᠡᠮᠵᠢ ᠶᠢ ᠰᠤᠨᠢᠷᠬᠠᠭᠤᠯᠬᠤ ᠶᠢᠨ ᠬᠠᠮᠳᠤ ᠤᠮᠠᠷᠠᠳᠤ ᠬᠢᠯᠢ ᠶᠢᠨ ᠰᠤᠶᠤᠯ ᠢ ᠤᠶᠢᠯᠠᠭᠠᠭᠤᠯᠬᠤ ᠪᠤᠯᠤᠨ᠎ᠠ᠃ | | ᠲᠤᠰ ᠤᠳᠠᠭ᠎ᠠ ᠪᠠᠰᠠ ︽ᠥᠪᠥᠷ ᠮᠣᠩᠭᠤᠯᠴᠤᠳ ᠦᠪᠤᠷ ᠮᠤᠩᠭᠤᠯ ᠳᠠᠭᠠᠨ ᠵᠢᠭᠤᠯᠴᠢᠯᠠᠬᠤ ᠰᠣᠳᠣᠨ | ᠵᠢᠭᠤᠯᠴᠢᠯᠠᠯ ᠤᠨ ᠱᠤᠭᠤᠮ︾ ᠢ ᠭᠠᠷᠭᠠᠵᠤ᠂ ᠬᠥᠬᠡᠬᠤᠲᠠ ᠢᠢᠨ ︽ᠬᠠᠶᠢᠷ᠎ᠠ ᠪᠢᠯᠬᠠᠭᠰᠠᠨ ᠬᠥᠬᠡᠬᠤᠲᠠ︾ 5 | ᠡᠳᠦᠷ ᠤᠨ ᠵᠢᠭᠤᠯᠴᠢᠯᠠᠯ᠂ ᠪᠤᠭᠤᠲᠤ ᠬᠤᠲᠠ ᠶᠢᠨ ︽ᠮᠢᠨᠤ ᠬᠠᠪᠤᠷ ᠤᠨ ᠪᠣᠯᠵᠤᠭ᠎ᠠ︾ 3 ᠡᠳᠦᠷ ᠤᠨ ᠵᠢᠭᠤᠯᠴᠢᠯᠠᠯ | ᠂ ᠬᠥᠯᠥᠨ ᠪᠤᠶᠢᠷ ᠬᠤᠲᠠ ᠢᠢᠨ ︽ᠴᠡᠴᠡᠭᠳᠦ ᠤᠯᠠᠷᠢᠯ ᠤᠨ ᠪᠠᠭ᠋ᠠᠷᠬᠠᠯ︾ 4 ᠡᠳᠦᠷ ᠤᠨ ᠵᠢᠭᠤᠯᠴᠢᠯᠠᠯ᠂ ᠬᠢᠩᠭᠠᠨ | ᠠᠶᠢᠮᠠᠭ ᠤᠨ ︽ᠬᠠᠪᠤᠷ ᠰᠠᠭᠠᠳᠠᠭᠰᠠᠨ ᠨᠤᠲᠤᠭ︾ 5 ᠡᠳᠦᠷ ᠤᠨ ᠵᠢᠭᠤᠯᠴᠢᠯᠠᠯ᠂ ᠲᠦᠩᠯᠢᠶᠤᠤ ᠬᠤᠳᠠ ᠢᠢᠨ ︽ | ᠪᠠᠷᠠᠭᠤᠨ ᠯᠢᠶᠤᠤ ᠾᠧ ᠭᠤᠤᠯ ᠤᠨ ᠬᠠᠪᠤᠷ ᠤᠨ ᠦᠵᠡᠮᠵᠢ︾ 3 ᠡᠳᠦᠷ ᠤᠨ ᠵᠢᠭᠤᠯᠴᠢᠯᠠᠯ᠂ ᠤᠯᠠᠭᠠᠨᠬᠠᠳᠠ ᠬᠤᠳᠠ | ᠢᠢᠨ 5 ᠡᠳᠦᠷ ᠤᠨ ᠰᠤᠳᠤᠨ ᠵᠢᠭᠤᠯᠴᠢᠯᠠᠯ᠂ ᠰᠢᠯᠢ ᠢᠢᠨ ᠭᠤᠤᠯ ᠠᠶᠢᠮᠠᠭ ᠤᠨ ᠬᠤᠪᠢ ᠶᠢᠨ ᠮᠠᠰᠢᠨ ᠲᠡᠷᠬᠡᠨ ᠤ | 4 ᠡᠳᠦᠷ ᠤᠨ ᠵᠢᠭᠤᠯᠴᠢᠯᠠᠯ᠂ ᠤᠯᠠᠭᠠᠨᠴᠠᠪ ᠬᠤᠳᠠ ᠶᠢᠨ 3 ᠡᠳᠦᠷ ᠤᠨ ᠰᠤᠳᠤᠨ ᠵᠢᠭᠤᠯᠴᠢᠯᠠᠯ᠂ ᠤᠷᠳᠤᠰ | ᠬᠤᠳᠠ ᠶᠢᠨ 3 ᠡᠳᠦᠷ ᠤᠨ ᠭᠡᠷ ᠪᠦᠯᠢ ᠢᠢᠨ ᠵᠢᠭᠤᠯᠴᠢᠯᠠᠯ᠂ ᠪᠠᠶᠠᠠᠨᠠᠭᠤᠷ ᠬᠤᠳᠠ ᠶᠢᠨ ︽ᠮᠤᠨᠢ ᠢᠢᠨ ᠠᠶᠠᠨ︾ | 5 ᠡᠳᠦᠷ ᠤᠨ ᠵᠢᠭᠤᠯᠴᠢᠯᠠᠯ᠂ ᠦᠬᠠᠢ ᠬᠤᠳᠠ ᠶᠢᠨ ᠦᠵᠡᠰᠬᠦᠯᠡᠩᠳᠦ ᠦᠬᠠᠢ ᠢᠢᠨ 3 ᠡᠳᠦᠷ ᠤᠨ ᠵᠢᠭᠤᠯᠴᠢᠯᠠᠯ᠂ | ᠠᠯᠠᠱᠠ ᠠᠶᠢᠮᠠᠭ ᠤᠨ ︽ᠠᠯᠠᠱᠠ ᠶᠢ ᠵᠤᠷᠢᠬᠤᠢ︾ 5 ᠡᠳᠦᠷ ᠤᠨ ᠵᠢᠭᠤᠯᠴᠢᠯᠠᠯ᠂ ᠮᠠᠨᠵᠤᠤᠷ ᠬᠤᠳᠠ ᠶᠢᠨ 2 | ᠡᠳᠦᠷ ᠤᠨ ᠵᠢᠭᠤᠯᠴᠢᠯᠠᠯ ᠵᠡᠷᠬᠡ ᠵᠠᠮ ᠱᠤᠭᠤᠮ ᠢ ᠪᠠᠭᠳᠠᠭᠠᠪᠠ᠃ ᠡᠳᠡᠬᠡᠷ ᠵᠠᠮ ᠱᠤᠭᠤᠮ ᠳᠤ ᠡᠯ᠎ᠠ ᠠᠶᠢᠮᠠᠬ ᠬᠤᠳᠠ | ᠶᠢᠨ ᠨᠡᠷᠡᠳᠦ ᠵᠢᠭᠤᠯᠴᠢᠯᠠᠯ ᠤᠨ ᠭᠠᠵᠠᠷ᠂ ᠲᠡᠦᠬᠡ᠂ ᠰᠤᠶᠤᠯ ᠢᠷᠭᠡᠨᠰᠢᠯ᠂ ᠪᠣᠳᠠᠰ ᠤᠨ ᠪᠤᠰᠤ ᠰᠣᠶᠣᠯ ᠤᠨ ᠥᠪ᠂ | ᠠᠷᠠᠳ ᠤᠨ ᠵᠠᠩ ᠦᠢᠯᠡ ᠵᠡᠷᠬᠡ ᠠᠭᠤᠯᠭ᠎ᠠ ᠶᠢ ᠬᠠᠮᠤᠷᠴᠦ᠂ ᠠᠶᠠᠯᠠᠯ ᠤᠨ ᠴᠠᠭ ᠬᠤᠭᠤᠴᠠᠭ᠎ᠠ ᠶᠢ ᠲᠤᠭᠳᠠᠭᠠᠭᠰᠠᠨ | ᠮᠦᠷᠳᠡᠭᠡᠨ ᠪᠠᠰᠠ ᠵᠠᠷᠤᠳᠠᠯ ᠮᠦᠩᠬᠦ᠂ ᠬᠤᠨᠤᠭ ᠪᠠᠭᠤᠳᠠᠯ᠂ ᠡᠬᠦᠳᠡᠨ ᠪᠢᠯᠧᠲ᠂ ᠬᠤᠭᠤᠯᠠ ᠤᠮᠳᠠ ᠵᠡᠷᠬᠡ | ᠲᠠᠯ᠎ᠠ ᠪᠠᠷ ᠵᠢᠭᠤᠯᠴᠢᠯᠠᠭᠰᠠᠳ ᠲᠤ ᠲᠦᠬᠦᠮ ᠳᠦᠳᠡ ᠨᠦᠬᠦᠴᠡᠯ ᠪᠤᠯᠤᠯᠴᠠᠭ᠎ᠠ ᠶᠢ ᠪᠦᠷᠢᠯᠳᠦᠬᠦᠯᠦᠨ ᠦᠭᠴᠠᠢ᠃ | ᠭᠤᠸᠠᠩᠵᠧᠦ᠂ ᠱᠠᠩᠬᠠᠢ ᠵᠡᠷᠭᠡ ᠭᠠᠵᠠᠷ ᠤᠨ ᠵᠢᠭᠤᠯᠴᠢᠯᠠᠭᠰᠠᠳ ᠲᠤ ᠴᠢᠭᠯᠡᠭᠦᠯᠦᠨ ︽ᠯᠤᠤ ᠵᠢᠯ ᠤᠨ | ᠵᠢᠭᠤᠯᠴᠢᠯᠠᠯ︾ ᠬᠤᠩᠱᠠᠨ ᠰᠣᠶᠣᠯ ᠤᠨ 4 ᠡᠳᠦᠷ ᠤᠨ ᠵᠢᠭᠤᠯᠴᠢᠯᠠᠯ ᠤᠨ ᠰᠣᠳᠣᠨ ᠵᠠᠮ ᠱᠤᠭᠤᠮ᠂ ᠠᠯᠠᠱᠠ ᠶᠢᠨ | ᠮᠢᠩᠭᠠᠨ ᠣᠨ ᠤ ᠲᠣᠣᠷᠠᠢ · ᠠᠯᠲᠠᠨ ᠰᠢᠷᠭᠠᠯ ᠡᠯᠡᠰᠦ ᠶᠢᠨ 7 ᠡᠳᠦᠷ ᠤᠨ ᠵᠢᠭᠤᠯᠴᠢᠯᠠᠯ ᠤᠨ ᠰᠣᠳᠣᠨ ᠵᠠᠮ ᠱᠤᠭᠤᠮ | ᠂ ᠰᠢᠯᠢ ᠶᠢᠨ ᠭᠤᠣᠯ ᠠᠶᠢᠮᠠᠭ ᠤᠨ ᠮᠢᠩᠭᠠᠨ ᠭᠠᠵᠠᠷ ᠤᠨ ᠦᠵᠡᠮᠵᠢ · ᠲᠠᠯ᠎ᠠ ᠨᠤᠲᠤᠭ ᠤᠨ 5 ᠡᠳᠦᠷ ᠤᠨ | ᠵᠢᠭᠤᠯᠴᠢᠯᠠᠯ ᠤᠨ ᠰᠣᠳᠣᠨ ᠵᠠᠮ ᠱᠤᠭᠤᠮ ᠵᠡᠷᠭᠡ 10 ᠵᠤᠷᠪᠤᠰ ᠵᠢᠭᠤᠯᠴᠢᠯᠠᠯ ᠤᠨ ᠰᠣᠳᠣᠨ ᠵᠠᠮ ᠱᠤᠭᠤᠮ ᠭᠠᠷᠭᠠᠵᠤ | ᠂ ᠬᠤᠯᠠ ᠶᠢᠨ ᠵᠢᠭᠤᠯᠴᠢᠯᠠᠭᠰᠠᠳ ᠢ ᠦᠵᠡᠰᠬᠦᠯᠡᠩᠲᠦ ᠰᠠᠶᠢᠬᠠᠨ ᠤᠮᠠᠷᠠᠲᠤ ᠬᠢᠯᠢ ᠪᠠᠷ ᠪᠠᠭ᠋ᠠᠳᠤᠨ ᠵᠤᠭᠠᠴᠠᠭᠤᠯᠵᠦ᠂ | ᠦᠪᠤᠷ ᠮᠤᠩᠭᠤᠯ ᠢ ᠬᠦᠨᠵᠡᠬᠡᠢ ᠤᠶᠢᠯᠠᠭᠠᠬᠤ ᠳᠤ ᠨᠦᠬᠦᠴᠡᠯ ᠪᠦᠷᠢᠳᠦᠬᠦᠯᠵᠤ ᠦᠭᠪᠠ᠃ ᠪᠠᠰᠠ ᠶᠠᠭᠰᠢ ᠬᠤᠳᠠ᠂ | ᠭᠡᠭᠡᠨ ᠭᠤᠣᠯ ᠬᠤᠳᠠ᠂ ᠨᠠᠢᠮᠠᠨ ᠬᠤᠰᠢᠭᠤ᠂ ᠠᠷᠤᠨ ᠬᠤᠰᠢᠭᠤ ᠵᠡᠷᠭᠡ ᠭᠠᠵᠠᠷ ᠢ ᠪᠠᠭᠳᠠᠭᠠᠭᠰᠠᠨ 12 ᠵᠤᠷᠪᠤᠰ | ᠬᠠᠪᠤᠷ ᠤᠨ ᠤᠯᠠᠷᠢᠯ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠵᠠᠮ ᠱᠤᠭᠤᠮ ᠭᠠᠷᠭᠠᠵᠤ᠂ ᠥᠷᠭᠡᠨ ᠤᠯᠠᠨ | ᠵᠢᠭᠤᠯᠴᠢᠯᠠᠭᠰᠠᠳ ᠲᠤ ᠤᠮᠠᠷᠠᠲᠤ ᠬᠢᠯᠢ ᠢᠢᠨ ᠲᠦᠯᠵᠢᠬᠦ ᠬᠠᠪᠤᠷ ᠤᠨ ᠥᠪᠡᠷᠮᠢᠴᠡ ᠦᠩᠬᠡ ᠦᠵᠡᠮᠵᠢ ᠶᠢ | ᠰᠣᠨᠢᠷᠬᠠᠭᠤᠯᠬᠤ ᠶᠢ ᠵᠤᠷᠢᠭᠰᠠᠨ ᠪᠠᠶᠢᠨ᠎ᠠ᠃ | |