ᠰᠢᠨ᠎ᠡ ᠡᠨᠧᠷᠭᠢ ᠶᠢᠨ ᠲᠣᠭᠤᠷᠢᠨ ᠠᠶᠠᠯᠠᠬᠤ ᠲᠦᠷᠢᠶᠡᠰᠦᠨ ᠮᠠᠰᠢᠨ ᠲᠡᠷᠭᠡ ᠶᠢ ᠳᠡᠯᠭᠡᠷᠡᠭᠦᠯᠦᠨ ᠬᠡᠷᠡᠭᠯᠡᠬᠦ ᠶᠢ | ᠠᠬᠢᠭᠤᠯᠬᠤ ᠶᠢᠨ ᠲᠥᠯᠥᠭᠡ᠂ ᠤᠶᠢᠷ᠎ᠠ ᠳᠤ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ | ᠲᠢᠩᠬᠢᠮ ᠪᠣᠯᠤᠨ ᠡᠳ᠋ ᠤᠨ ᠵᠠᠰᠠᠭ ᠤᠨ ᠲᠢᠩᠬᠢᠮ ᠬᠠᠮᠲᠤᠷᠠᠨ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠠᠷᠪᠠᠨ | ᠳᠥᠷᠪᠡᠳᠦᠭᠡᠷ ᠲᠠᠪᠤᠨ ᠵᠢᠯ ᠤᠨ ᠬᠤᠭᠤᠴᠠᠭᠠᠨ ᠳᠤ ᠰᠢᠨ᠎ᠡ ᠡᠨᠧᠷᠭᠢ ᠶᠢᠨ ᠲᠣᠭᠤᠷᠢᠨ ᠠᠶᠠᠯᠠᠬᠤ ᠲᠦᠷᠢᠶᠡᠰᠦᠨ | ᠮᠠᠰᠢᠨ ᠲᠡᠷᠭᠡ ᠶᠢ ᠳᠡᠯᠭᠡᠷᠡᠭᠦᠯᠦᠨ ᠬᠡᠷᠡᠭᠯᠡᠬᠦ ᠱᠠᠩᠨᠠᠯ ᠨᠥᠬᠦᠪᠥᠷᠢ ᠶᠢᠨ ᠲᠤᠬᠠᠢ ᠬᠡᠷᠡᠭᠵᠢᠭᠦᠯᠬᠦ ᠨᠠᠷᠢᠨ ᠲᠦᠷᠢᠮ︾ ᠢ | ᠳᠠᠷᠤᠮᠠᠯᠯᠠᠨ ᠲᠠᠷᠬᠠᠭᠠᠪᠠ᠃ | ︽ᠨᠠᠷᠢᠨ ᠲᠦᠷᠢᠮ︾ ᠳᠤ᠂ ᠱᠠᠭᠠᠷᠳᠠᠯᠭ᠎ᠠ ᠳᠤ ᠨᠡᠶᠢᠴᠡᠭᠰᠡᠨ ᠴᠠᠬᠢᠯᠭᠠᠨ ᠴᠡᠨᠡᠭᠯᠡᠵᠦ ᠲᠣᠭᠤᠷᠢᠨ ᠠᠶᠠᠯᠠᠬᠤ | ᠲᠦᠷᠢᠶᠡᠰᠦᠨ ᠮᠠᠰᠢᠨ ᠲᠡᠷᠭᠡ ᠬᠤᠳᠠᠯᠳᠤᠨ ᠠᠪᠬᠤ ᠳᠤ ᠲᠡᠷᠭᠡ ᠪᠦᠷᠢ ᠳᠤ 4 ᠲᠦᠮᠡᠨ ᠲᠥᠭᠦᠷᠢᠭ ᠤᠨ ᠨᠦᠬᠦᠪᠦᠷᠢ | ᠤᠯᠭᠤᠵᠤ᠂ ᠱᠠᠭᠠᠷᠳᠠᠯᠭ᠎ᠠ ᠳᠤ ᠨᠡᠶᠢᠴᠡᠭᠰᠡᠨ ᠴᠠᠬᠢᠯᠭᠠᠨ ᠰᠣᠯᠢᠵᠤ ᠲᠣᠭᠤᠷᠢᠨ ᠠᠶᠠᠯᠠᠬᠤ ᠲᠦᠷᠢᠶᠡᠰᠦᠨ ᠮᠠᠰᠢᠨ | ᠲᠡᠷᠭᠡ ᠬᠤᠳᠠᠯᠳᠤᠨ ᠠᠪᠬᠤ ᠳᠤ ᠲᠡᠷᠭᠡ ᠪᠦᠷᠢ ᠳᠤ 4.5 ᠲᠦᠮᠡᠨ ᠲᠥᠭᠦᠷᠢᠭ ᠤᠨ ᠨᠦᠬᠦᠪᠦᠷᠢ ᠤᠯᠭᠤᠵᠤ᠂ | ᠤᠯᠤᠰ ᠠᠴᠠ ᠲᠣᠭᠲᠠᠭᠠᠭᠰᠠᠨ ᠠᠯᠪᠠᠳᠠᠯᠭ᠎ᠠ ᠪᠠᠷ ᠬᠡᠷᠡᠭᠯᠡᠭᠡᠨ ᠠᠴᠠ ᠭᠠᠷᠭᠠᠬᠤ ᠪᠠᠷᠢᠮᠵᠢᠶ᠎ᠠ ᠶᠤᠰᠤᠭᠠᠷ | ᠰᠢᠲᠠᠭᠠᠯᠭ᠎ᠠ ᠶᠢᠨ ᠲᠣᠰᠣ ︵ᠬᠡᠶ︶ ᠬᠡᠷᠡᠭᠯᠡᠵᠤ ᠪᠠᠶᠢᠭ᠎ᠠ ᠲᠣᠭᠤᠷᠢᠨ ᠠᠶᠠᠯᠠᠬᠤ ᠲᠦᠷᠢᠶᠡᠰᠦᠨ ᠮᠠᠰᠢᠨ ᠲᠡᠷᠭᠡ ᠶᠢ 12 | ᠰᠠᠷ᠎ᠠ ᠠᠴᠠ ᠳᠡᠭᠡᠭᠰᠢ ᠤᠷᠢᠳᠴᠢᠯᠠᠨ ᠰᠢᠨ᠎ᠡ ᠡᠨᠧᠷᠭᠢ ᠶᠢᠨ ᠲᠣᠭᠤᠷᠢᠨ ᠠᠶᠠᠯᠠᠬᠤ ᠮᠠᠰᠢᠨ ᠲᠡᠷᠭᠡ ᠪᠤᠯᠭᠠᠨ | ᠰᠢᠨᠡᠳᠬᠡᠭᠰᠡᠨ ᠪᠤᠯ ᠮᠠᠰᠢᠨ ᠲᠡᠷᠭᠡ ᠪᠦᠷᠢ ᠳᠤ ᠳᠠᠬᠢᠨ 5000 ᠲᠥᠭᠦᠷᠢᠭ ᠤᠨ ᠱᠠᠩᠨᠠᠯ ᠤᠯᠭᠤᠨ᠎ᠠ᠃ | ᠲᠦᠷᠢᠶᠡᠰᠦᠨ ᠮᠠᠰᠢᠨ ᠲᠡᠷᠭᠡᠨ ᠤ ᠲᠤᠰᠬᠠᠶ ᠴᠠᠬᠢᠯᠭᠠᠨ ᠴᠡᠨᠡᠭᠯᠡᠬᠦ ᠥᠷᠲᠡᠭᠡ ᠶᠢᠨ ᠪᠦᠲᠦᠭᠡᠨ ᠪᠠᠶᠢᠭᠤᠯᠤᠯᠲᠠ ᠶᠢᠨ | ᠨᠥᠬᠦᠪᠥᠷᠢ ᠶᠢ ᠪᠣᠳᠠᠲᠠᠶ ᠠᠵᠢᠯᠯᠠᠭᠠᠨ ᠤ ᠴᠢᠳᠠᠮᠵᠢ ᠪᠠᠷ ᠪᠣᠳᠣᠵᠤ ᠦᠭᠬᠦᠨ᠂ ᠬᠢᠯᠦᠸᠠᠲ ᠪᠦᠷᠢ ᠳᠤ 100 | ᠲᠥᠭᠦᠷᠢᠭ ᠤᠨ ᠪᠠᠷᠢᠮᠵᠢᠶ᠎ᠠ ᠪᠠᠷ ᠨᠢᠭᠡ ᠯᠡ ᠤᠳᠠᠭ᠎ᠠ ᠶᠢᠨ ᠴᠢᠨᠠᠷᠲᠠᠶ ᠨᠥᠬᠦᠪᠥᠷᠢ ᠣᠯᠭᠤᠵᠤ᠂ ᠨᠢᠭᠡ ᠴᠠᠬᠢᠯᠭᠠᠨ | ᠴᠡᠨᠡᠭᠯᠡᠬᠦ ᠥᠷᠲᠡᠭᠡ ᠳᠤ ᠤᠯᠭᠤᠬᠤ ᠨᠦᠬᠦᠪᠤᠷᠢ ᠶᠢ ᠬᠠᠮᠤᠭ ᠤᠨ ᠥᠨᠳᠥᠷ ᠲᠡᠭᠡᠨ 30 ᠲᠦᠮᠡᠨ ᠲᠥᠭᠦᠷᠢᠭ ᠠᠴᠠ | ᠲᠠᠪᠠᠭᠤᠯᠬᠤ ᠦᠬᠡᠢ︔ ᠲᠦᠷᠢᠶᠡᠰᠦᠨ ᠮᠠᠰᠢᠨ ᠲᠡᠷᠭᠡ ᠶᠢᠨ ᠲᠤᠰᠬᠠᠶ ᠴᠠᠬᠢᠯᠭᠠᠨ ᠰᠣᠯᠢᠬᠤ ᠦᠷᠲᠡᠭᠡ ᠶᠢᠨ ᠪᠦᠲᠦᠭᠡᠨ | ᠪᠠᠶᠢᠭᠤᠯᠤᠯᠲᠠ ᠶᠢᠨ ᠨᠥᠬᠦᠪᠥᠷᠢ ᠶᠢ ᠪᠣᠳᠠᠲᠠᠶ ᠠᠵᠢᠯᠯᠠᠭᠠᠨ ᠤ ᠴᠢᠳᠠᠮᠵᠢ ᠪᠠᠷ ᠨᠢ ᠪᠣᠳᠣᠵᠤ ᠦᠭᠬᠦᠨ᠂ ᠬᠢᠯᠦᠸᠠᠲ | ᠪᠦᠷᠢ ᠳᠤ 800 ᠲᠥᠭᠦᠷᠢᠭ ᠤᠨ ᠪᠠᠷᠢᠮᠵᠢᠶ᠎ᠠ ᠪᠠᠷ ᠨᠢᠭᠡ ᠯᠡ ᠤᠳᠠᠭ᠎ᠠ ᠶᠢᠨ ᠴᠢᠨᠠᠷᠲᠠᠶ ᠨᠥᠬᠦᠪᠥᠷᠢ ᠤᠯᠭᠤᠵᠤ᠂ | ᠨᠢᠭᠡ ᠥᠷᠲᠡᠭᠡ ᠳᠤ ᠤᠯᠭᠤᠬᠤ ᠨᠦᠬᠦᠪᠤᠷᠢ ᠶᠢ ᠬᠠᠮᠤᠭ ᠤᠨ ᠥᠨᠳᠥᠷ ᠲᠡᠭᠡᠨ 150 ᠲᠦᠮᠡᠨ ᠲᠥᠭᠦᠷᠢᠭ ᠠᠴᠠ | ᠳᠠᠪᠠᠭᠤᠯᠬᠤ ᠦᠭᠡᠶ ᠬᠡᠵᠤ ᠲᠤᠭᠳᠠᠭᠠᠪᠠ᠃ |