ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠤᠨ ᠮᠡᠳᠡᠭᠡ ᠵᠠᠩᠭᠢ ᠶᠢᠨ ᠲᠤᠰᠠᠯᠠᠬᠤ ᠴᠡᠷᠢᠭ ᠠᠩᠭᠢ ᠪᠠᠶᠢᠭᠤᠯᠤᠭᠳᠠᠬᠰᠠᠨ ᠶᠡᠭᠡ ᠬᠤᠷᠠᠯ ᠪᠡᠭᠡᠵᠢᠩ ᠳᠤ ᠬᠤᠷᠠᠯᠳᠤᠪᠠ
ᠨᠡᠶᠢᠲᠡᠯᠡᠭᠰᠡᠨ ᠴᠠᠭ᠄
2024/4/22
   ᠰᠢ ᠶᠢᠨ ᠫᠢᠩ ᠮᠡᠳᠡᠭᠡ ᠵᠠᠩᠭᠢ ᠶᠢᠨ ᠲᠤᠰᠠᠯᠠᠬᠤ ᠴᠡᠷᠢᠭ ᠠᠩᠭᠢ ᠳᠤ ᠴᠡᠷᠢᠭ ᠤᠨ ᠲᠤᠭ ᠣᠯᠭᠤᠭᠰᠠᠨ ᠪᠥᠭᠡᠳ ᠰᠤᠷᠭᠠᠯ ᠬᠠᠶᠢᠷᠠᠯᠠᠪᠠ   ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠤᠨ ᠮᠡᠳᠡᠭᠡ ᠵᠠᠩᠭᠢ ᠶᠢᠨ ᠲᠤᠰᠠᠯᠠᠬᠤ ᠴᠡᠷᠢᠭ ᠠᠩᠬᠢ ᠪᠠᠶᠢᠭᠤᠯᠤᠭᠳᠠᠬᠰᠠᠨ ᠶᠡᠭᠡ ᠬᠤᠷᠠᠯ 19 ᠤ ᠡᠳᠦᠷ ᠪᠡᠭᠡᠵᠢᠩ ᠤᠨ ︽8 · 1︾ ᠶᠡᠭᠡ ᠠᠰᠠᠷ ᠲᠤ ᠦᠪᠡᠳᠡᠭᠰᠢ ᠶᠡᠭᠡ ᠪᠠᠷ ᠶᠠᠪᠤᠭᠳᠠᠪᠠ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠮᠡᠳᠡᠭᠡ ᠵᠠᠩᠭᠢ ᠶᠢᠨ ᠲᠤᠰᠠᠯᠠᠬᠤ ᠴᠡᠷᠢᠭ ᠠᠩᠭᠢ ᠳᠤ ᠴᠡᠷᠢᠭ ᠤᠨ ᠲᠤᠭ ᠣᠯᠭᠤᠭᠰᠠᠨ ᠪᠥᠭᠡᠳ ᠰᠤᠷᠭᠠᠯ ᠬᠠᠶᠢᠷᠠᠯᠠᠵᠤ᠂ ᠨᠠᠮ ᠤᠨ ᠲᠥᠪ ᠬᠤᠷᠶ᠊ ᠡᠶ᠎ᠡ ᠪᠣᠯᠤᠨ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠡᠮᠦᠨ᠎ᠡ ᠠᠴᠠ ᠮᠡᠳᠡᠭᠡ ᠵᠠᠩᠭᠢ ᠶᠢᠨ ᠲᠤᠰᠠᠯᠠᠬᠤ ᠴᠡᠷᠢᠭ ᠠᠩᠭᠢ ᠶᠢᠨ ᠪᠦᠬᠦ ᠳᠠᠷᠤᠭ᠎ᠠ ᠪᠠᠶᠢᠯᠳᠤᠭᠴᠢᠳ ᠲᠤ ᠬᠠᠯᠠᠭᠤᠨ ᠪᠠᠶᠠᠷ ᠬᠦᠷᠭᠡᠪᠡ᠃ ᠲᠡᠷᠡ᠂ ᠰᠢᠨ᠎ᠡ ᠴᠠᠭ ᠦᠶ᠎ᠡ ᠶᠢᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠲᠤᠭᠤᠰᠢᠯᠠᠭᠤᠯᠵᠤ᠂ ᠰᠢᠨ᠎ᠡ ᠴᠠᠭ ᠦᠶ᠎ᠡ ᠶᠢᠨ ᠴᠡᠷᠢᠭ ᠤᠨ ᠶᠠᠪᠤᠳᠠᠯ ᠤᠨ ᠪᠠᠶᠢᠯᠳᠤᠬᠤ ᠪᠣᠳᠣᠯᠭ᠎ᠠ ᠶᠢᠨ ᠴᠢᠭᠯᠡᠯᠲᠡ ᠶᠢ ᠲᠤᠭᠤᠰᠢᠯᠠᠭᠤᠯᠵᠤ᠂ ᠤᠯᠤᠰ ᠲᠥᠷᠥ ᠪᠠᠷ ᠴᠡᠷᠢᠭ ᠢ ᠪᠠᠶᠢᠭᠤᠯᠬᠤ᠂ ᠥᠭᠡᠷᠡᠴᠢᠯᠡᠯᠲᠡ ᠪᠠᠷ ᠴᠡᠷᠢᠭ ᠢ ᠬᠦᠴᠦᠷᠬᠡᠭᠵᠢᠭᠦᠯᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠴᠡᠷᠢᠭ ᠢ ᠬᠦᠴᠦᠷᠬᠡᠭᠵᠢᠭᠦᠯᠬᠦ᠂ ᠴᠢᠳᠠᠪᠤᠷᠢᠲᠠᠨ ᠢᠶᠠᠷ ᠴᠡᠷᠢᠭ ᠢ ᠬᠦᠴᠦᠷᠭᠡᠭᠵᠢᠬᠦᠯᠬᠦ᠂ ᠬᠠᠤᠯᠢ ᠪᠠᠷ ᠴᠡᠷᠢᠭ ᠢ ᠵᠠᠰᠠᠬᠤ ᠶᠢ ᠪᠠᠷᠢᠮᠲᠠᠯᠠᠵᠤ᠂ ᠲᠡᠶᠢᠨ ᠳᠤ ᠪᠡᠯᠡᠳᠭᠡᠵᠦ ᠲᠡᠶᠢᠨ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠰᠲ᠋ᠧᠮ ᠤᠨ ᠠᠭᠤᠰᠤᠯᠴᠠᠯ᠂ ᠪᠥᠬᠦ ᠣᠷᠣᠨ ᠪᠦᠰᠡ ᠳᠤ ᠲᠤᠯᠭᠠᠭᠤᠷᠢᠯᠠᠬᠰᠠᠨ ᠪᠠᠶᠢᠯᠳᠤᠬᠤ ᠪᠣᠳᠣᠯᠭ᠎ᠠ ᠶᠢᠨ ᠱᠠᠭᠠᠷᠳᠠᠯᠭ᠎ᠠ ᠶᠣᠰᠣᠭᠠᠷ᠂ ᠡᠷᠡᠮᠡᠬᠡᠶᠢᠯᠡᠨ ᠤᠷᠤᠭᠰᠢᠯᠠᠵᠤ᠂ ᠯᠠᠪᠳᠠᠭᠤᠨ ᠪᠠᠲᠤᠲᠠᠶ ᠠᠵᠢᠯᠯᠠᠵᠤ᠂ ᠬᠦᠴᠦᠷᠬᠡᠭ ᠶᠡᠭᠡ ᠣᠳᠣᠬᠢᠴᠢᠯᠠᠭᠰᠠᠨ ᠮᠡᠳᠡᠭᠡ ᠵᠠᠩᠭᠢ ᠶᠢᠨ ᠲᠤᠰᠠᠯᠠᠬᠤ ᠴᠡᠷᠢᠭ ᠠᠩᠭᠢ ᠶᠢ ᠴᠢᠷᠮᠠᠶᠢᠨ ᠪᠠᠶᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃
75.png
   ᠦᠳᠡ ᠶᠢᠨ ᠬᠤᠶᠢᠨᠠᠬᠢ 4 ᠴᠠᠭ ᠲᠤ᠂ ᠮᠡᠳᠡᠭᠡ ᠵᠠᠩᠭᠢ ᠶᠢᠨ ᠲᠤᠰᠠᠯᠠᠬᠤ ᠴᠡᠷᠢᠭ ᠠᠩᠭᠢ ᠪᠠᠶᠢᠭᠤᠯᠤᠭᠳᠠᠬᠰᠠᠨ ᠶᠡᠭᠡ ᠬᠤᠷᠠᠯ ᠡᠬᠢᠯᠡᠵᠦ᠂ ᠲᠠᠯᠠᠪᠠᠢ ᠳᠠᠶᠠᠭᠠᠷ ᠢᠶᠠᠨ ᠤᠯᠤᠰ ᠤᠨ ᠰᠦᠯᠳᠡ ᠳᠠᠭᠤᠤ ᠶᠢ ᠬᠠᠩᠭᠢᠨᠠᠲᠠᠯ᠎ᠠ ᠳᠠᠭᠤᠯᠠᠪᠠ᠃ ᠶᠣᠰᠣᠯᠠᠯ ᠤᠨ ᠴᠡᠷᠢᠭ ᠴᠡᠷᠢᠭ ᠤᠨ ᠲᠤᠭ ᠢ ᠬᠠᠮᠠᠭᠠᠯᠠᠨ ᠲᠥᠪ ᠠᠯᠬᠤᠭ᠎ᠠ ᠪᠠᠷ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠬᠦᠷᠪᠡ᠃ ᠰᠢ ᠶᠢᠨ ᠫᠢᠩ ᠴᠡᠷᠢᠭ ᠤᠨ ᠲᠤᠭ ᠢ ᠮᠡᠳᠡᠭᠡ ᠵᠠᠩᠭᠢ ᠶᠢᠨ ᠲᠤᠰᠠᠯᠠᠬᠤ ᠴᠡᠷᠢᠭ ᠠᠩᠬᠢ ᠶᠢᠨ ᠺᠤᠮᠠᠨᠳᠠᠯᠠᠭᠴᠢ ᠪᠢ ᠢ᠂ ᠺᠣᠮᠢᠰᠰᠠᠷ ᠯᠢ ᠸᠧᠢ ᠳᠤ ᠭᠠᠷᠳᠠᠭᠤᠯᠪᠠ᠃ ᠮᠡᠳᠡᠭᠡ ᠵᠠᠩᠭᠢ ᠶᠢᠨ ᠲᠤᠰᠠᠯᠠᠬᠤ ᠴᠡᠷᠢᠭ ᠠᠩᠬᠢ ᠶᠢᠨ ᠭᠤᠣᠯ ᠤᠳᠤᠷᠢᠳᠤᠯᠭ᠎ᠠ ᠰᠢ ᠶᠢᠨ ᠫᠢᠩ ᠳᠤ ᠶᠣᠰᠣᠯᠠᠵᠤ᠂ ᠰᠢ ᠶᠢᠨ ᠫᠢᠩ ᠤᠨ ᠭᠠᠷ ᠠᠴᠠ ᠴᠡᠷᠢᠭ ᠤᠨ ᠲᠤᠭ ᠢ ᠲᠤᠰᠤᠨ ᠠᠪᠴᠤ᠂ ᠲᠤᠭ ᠢ ᠠᠳᠬᠤᠨ ᠲᠥᠪ ᠵᠣᠭᠰᠣᠪᠠ᠃ ᠪᠦᠬᠦ ᠳᠠᠷᠤᠭ᠎ᠠ ᠪᠠᠶᠢᠯᠳᠤᠭᠴᠢᠳ ᠴᠡᠷᠢᠭ ᠤᠨ ᠲᠤᠭ ᠲᠤ ᠲᠥᠪ ᠴᠢᠩᠭ᠎ᠠ ᠪᠠᠷ ᠶᠣᠰᠣᠯᠠᠪᠠ᠃   ᠲᠤᠭ ᠣᠯᠭᠤᠬᠤ ᠶᠣᠰᠣᠯᠠᠯ ᠤᠨ ᠳᠠᠷᠠᠭ᠎ᠠ᠂ ᠰᠢ ᠶᠢᠨ ᠫᠢᠩ ᠰᠤᠷᠭᠠᠯ ᠬᠠᠶᠢᠷᠠᠯᠠᠪᠠ᠃ ᠲᠡᠷᠡ᠂ ᠮᠡᠳᠡᠭᠡ ᠵᠠᠩᠭᠢ ᠶᠢᠨ ᠲᠤᠰᠠᠯᠠᠬᠤ ᠴᠡᠷᠢᠭ ᠠᠩᠭᠢ ᠶᠢ ᠲᠣᠬᠢᠷᠠᠭᠤᠯᠤᠨ ᠵᠣᠬᠢᠶᠠᠨ ᠪᠠᠶᠢᠭᠤᠯᠤᠬᠰᠠᠨ ᠨᠢ ᠨᠠᠮ ᠤᠨ ᠲᠥᠪ ᠬᠤᠷᠢᠶ᠎ᠠ ᠪᠣᠯᠤᠨ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠠᠴᠠ ᠴᠡᠷᠢᠭ ᠢ ᠬᠦᠴᠦᠷᠬᠡᠭᠵᠢᠭᠦᠯᠬᠦ ᠦᠢᠯᠡᠰ ᠤᠨ ᠪᠥᠬᠦ ᠲᠠᠯ᠎ᠠ ᠠᠴᠠ ᠡᠭᠦᠰᠴᠦ ᠲᠤᠭᠳᠠᠭᠠᠬᠰᠠᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠮᠥᠨ᠂ ᠰᠢᠨ᠎ᠡ ᠬᠡᠯᠪᠡᠷᠢ ᠶᠢᠨ ᠴᠡᠷᠢᠭ ᠤᠨ ᠲᠥᠷᠥᠯ ᠤᠨ ᠪᠦᠲᠦᠴᠡ ᠶᠢᠨ ᠪᠠᠶᠢᠷᠢᠰᠢᠭᠤᠯᠤᠯᠲᠠ ᠶᠢ ᠪᠠᠶᠢᠭᠤᠯᠬᠤ᠂ ᠳᠤᠮᠳᠠᠳᠤ ᠤᠯᠤᠰ ᠤᠨ ᠣᠨᠴᠠᠯᠢᠭ ᠲᠠᠢ ᠣᠲᠣ ᠦᠶ᠎ᠡ ᠶᠢᠨ ᠴᠡᠷᠢᠭ ᠤᠨ ᠶᠠᠪᠤᠳᠠᠯ ᠤᠨ ᠬᠦᠴᠦᠨ ᠤ ᠰᠢᠰᠲ᠋ᠧᠮ ᠢ ᠲᠡᠭᠦᠯᠳᠡᠷᠵᠢᠭᠦᠯᠬᠦ ᠪᠠᠶᠢᠯᠳᠤᠬᠤ ᠪᠣᠳᠣᠯᠭ᠎ᠠ ᠶᠢᠨ ᠠᠷᠭ᠎ᠠ ᠬᠡᠮᠵᠢᠶ᠎ᠡ ᠮᠥᠨ ᠂ ᠤᠯᠤᠰ ᠤᠨ ᠪᠠᠲᠤᠯᠠᠨ ᠬᠠᠮᠠᠭᠠᠯᠠᠯᠲᠠ ᠪᠣᠯᠤᠨ ᠴᠡᠷᠢᠭ ᠠᠩᠭᠢ ᠶᠢᠨ ᠣᠳᠣᠬᠢᠴᠢᠯᠠᠯᠲᠠ ᠶᠢ ᠲᠦᠷᠭᠡᠳᠭᠡᠬᠦ᠂ ᠰᠢᠨ᠎ᠡ ᠴᠠᠭ ᠦᠶ᠎ᠡ ᠶᠢᠨ ᠠᠷᠠᠳ ᠤᠨ ᠴᠡᠷᠢᠭ ᠠᠩᠭᠢ ᠶᠢᠨ ᠡᠭᠦᠷᠭᠡ ᠬᠠᠷᠢᠭᠤᠴᠠᠯᠭ᠎ᠠ ᠪᠠᠨ ᠪᠦᠲᠦᠮᠵᠢᠲᠡᠶ ᠭᠦᠢᠴᠡᠳᠭᠡᠬᠦ ᠳᠤ ᠴᠢᠬᠤᠯᠠ ᠶᠡᠭᠡ ᠪᠥᠭᠡᠳ ᠠᠯᠤᠰ ᠬᠡᠲᠦ ᠶᠢᠨ ᠠᠴᠢ ᠬᠤᠯᠪᠣᠭᠳᠠᠯ ᠲᠠᠢ ᠶᠤᠮ ᠬᠡᠵᠤ ᠵᠢᠭᠠᠵᠤ ᠭᠠᠷᠭᠠᠪᠠ᠃   ᠰᠢ ᠶᠢᠨ ᠫᠢᠩ᠂ ᠮᠡᠳᠡᠭᠡ ᠵᠠᠩᠭᠢ ᠶᠢᠨ ᠲᠤᠰᠠᠯᠠᠬᠤ ᠴᠡᠷᠢᠭ ᠠᠩᠭᠢ ᠪᠣᠯ ᠴᠣ ᠰᠢᠨ᠎ᠡ ᠪᠠᠷ ᠡᠭᠦᠳᠦᠨ ᠪᠠᠶᠢᠭᠤᠯᠤᠭᠰᠠᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠴᠡᠷᠢᠭ ᠤᠨ ᠲᠥᠷᠥᠯ ᠮᠥᠨ᠂ ᠰᠦᠯᠵᠢᠶᠡᠨ ᠤ ᠮᠡᠳᠡᠭᠡ ᠵᠠᠩᠭᠢ ᠶᠢᠨ ᠰᠢᠰᠲ᠋ᠧᠮ ᠤᠨ ᠪᠠᠶᠢᠭᠤᠯᠤᠯᠲᠠ ᠬᠡᠷᠡᠭᠯᠡᠯᠲᠡ ᠶᠢ ᠨᠢᠭᠡᠳᠦᠯᠲᠡᠶ ᠲᠥᠯᠥᠪᠵᠢᠭᠦᠯᠬᠦ ᠵᠠᠩᠭᠢᠯᠠᠭ᠎ᠠ ᠶᠢᠨ ᠲᠤᠯᠭᠠᠭᠤᠷᠢᠯᠠᠯ ᠮᠥᠨ᠂ ᠮᠠᠨ ᠤ ᠴᠡᠷᠢᠭ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠ ᠣᠲᠣ ᠦᠶ᠎ᠡ ᠶᠢᠨ ᠲᠡᠶᠢᠨ ᠳᠤ ᠢᠯᠠᠬᠤ ᠲᠤᠮᠳᠠ ᠴᠢᠬᠤᠯᠠ ᠪᠠᠶᠢᠷᠢ ᠰᠠᠭᠤᠷᠢ ᠲᠠᠢ᠂ ᠬᠦᠨᠳᠤ ᠶᠡᠭᠡ ᠬᠠᠷᠢᠭᠤᠴᠠᠯᠭ᠎ᠠ ᠲᠠᠢ ᠶᠤᠮ᠃ ᠨᠠᠮ ᠤᠨ ᠵᠢᠯᠤᠭᠤᠳᠤᠯᠭ᠎ᠠ ᠶᠢ ᠡᠷᠡᠰ ᠲᠠᠭᠠᠵᠤ᠂ ᠴᠡᠷᠢᠭ ᠠᠩᠭᠢ ᠳᠠᠬᠢ ᠨᠠᠮ ᠤᠨ ᠬᠠᠷᠢᠴᠠᠯᠠᠰᠢᠬᠦᠢ ᠤᠳᠤᠷᠢᠳᠤᠯᠭ᠎ᠠ ᠶᠢᠨ ᠦᠨᠳᠦᠰᠦᠨ ᠵᠠᠷᠴᠢᠮ ᠪᠠ ᠲᠦᠷᠢᠮ ᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠴᠡᠷᠢᠭ ᠠᠩᠭᠢ ᠶᠢᠨ ᠨᠠᠮ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠬᠦᠰᠡᠯᠡᠩ ᠢᠲᠡᠭᠡᠯ ᠵᠣᠷᠢᠭ ᠢᠶᠠᠨ ᠪᠠᠲᠤᠳᠬᠠᠵᠤ᠂ ᠰᠠᠬᠢᠯᠭ᠎ᠠ ᠪᠠᠲᠤ ᠶᠣᠰᠣ ᠲᠦᠷᠢᠮ ᠢ ᠴᠢᠩᠳᠠᠯᠠᠵᠤ᠂ ᠰᠢᠯᠢᠳᠡᠭ ᠰᠤᠷᠲᠠᠯ ᠢ ᠪᠠᠳᠠᠷᠠᠭᠤᠯᠵᠤ᠂ ᠴᠡᠷᠢᠭ ᠠᠩᠭᠢ ᠶᠢᠨ ᠲᠦᠢᠯ ᠤᠨ ᠦᠨᠡᠨᠴᠢ ᠰᠢᠳᠤᠷᠭᠤ᠂ ᠲᠦᠢᠯ ᠤᠨ ᠠᠷᠢᠭᠤᠨ ᠴᠡᠪᠡᠷ᠂ ᠲᠦᠢᠯ ᠤᠨ ᠨᠠᠶᠢᠳᠠᠪᠤᠷᠢᠲᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠪᠠᠶᠢᠯᠳᠤᠭᠠᠨ ᠢ ᠬᠦᠴᠦᠲᠡᠢ ᠲᠤᠯᠭᠠᠭᠤᠷᠢᠯᠠᠵᠤ᠂ ᠮᠡᠳᠡᠭᠡ ᠵᠠᠩᠭᠢ ᠪᠠᠷ ᠭᠤᠣᠯᠯᠠᠭᠤᠯᠬᠤ᠂ ᠬᠤᠯᠪᠣᠭᠠᠯᠠᠨ ᠢᠯᠠᠯᠲᠠ ᠤᠯᠬᠤ ᠶᠢ ᠪᠠᠷᠢᠮᠲᠠᠯᠠᠵᠤ᠂ ᠮᠡᠳᠡᠭᠡ ᠵᠠᠩᠭᠢ ᠶᠢᠨ ᠬᠡᠯᠬᠢᠶ᠎ᠡ ᠵᠠᠮ ᠢ ᠰᠢᠯᠤᠭᠤᠳᠬᠠᠵᠤ᠂ ᠮᠡᠳᠡᠭᠡ ᠵᠠᠩᠭᠢ ᠶᠢᠨ ᠡᠬᠢ ᠪᠠᠶᠠᠯᠢᠭ ᠢ ᠠᠭᠤᠰᠤᠯᠴᠠᠭᠤᠯᠵᠤ᠂ ᠮᠡᠳᠡᠭᠡ ᠵᠠᠩᠭᠢ ᠶᠢᠨ ᠬᠠᠮᠠᠭᠠᠯᠠᠯᠲᠠ ᠶᠢ ᠴᠢᠩᠭᠠᠳᠬᠠᠵᠤ᠂ ᠪᠦᠬᠦ ᠴᠡᠷᠢᠭ ᠤᠨ ᠬᠠᠮᠲᠤᠷᠠᠭᠰᠠᠨ ᠪᠠᠶᠢᠯᠳᠤᠭᠠᠨ ᠤ ᠰᠢᠰᠲ᠋ᠧᠮ ᠳᠤ ᠭᠦᠨᠵᠡᠭᠡᠢ ᠠᠭᠤᠰᠤᠯᠴᠠᠵᠤ᠂ ᠮᠡᠳᠡᠭᠡ ᠵᠠᠩᠭᠢ ᠶᠢᠨ ᠲᠤᠰᠠᠯᠠᠮᠵᠢ ᠦᠵᠡᠬᠦᠯᠬᠦ ᠶᠢ ᠤᠨᠢᠨ ᠲᠡᠬᠡᠷ᠎ᠡ ᠨᠢ ᠥᠨᠳᠥᠷ ᠪᠦᠲᠦᠮᠵᠢᠲᠡᠢ ᠬᠡᠷᠡᠭᠵᠢᠭᠦᠯᠵᠦ᠂ ᠡᠯ᠎ᠡ ᠴᠢᠭᠯᠡᠯ ᠡᠯ᠎ᠡ ᠬᠦᠷᠢᠶᠡᠨ ᠤ ᠴᠡᠷᠢᠭ ᠤᠨ ᠶᠠᠪᠤᠳᠠᠯ ᠤᠨ ᠲᠡᠮᠡᠴᠡᠯ ᠳᠤ ᠦᠢᠯᠡᠴᠢᠯᠡᠨ ᠪᠠᠲᠤᠯᠠᠬᠤ ᠬᠡᠷᠡᠭᠲᠡᠢ᠃ ᠰᠢᠨ᠎ᠡ ᠶᠢ ᠡᠭᠦᠳᠦᠨ ᠬᠥᠭᠵᠢᠬᠦ ᠶᠢ ᠲᠦᠷᠭᠡᠳᠭᠡᠵᠦ᠂ ᠪᠠᠶᠢᠯᠳᠤᠭᠠᠨ ᠤ ᠬᠡᠷᠡᠭᠴᠡᠭᠡ ᠪᠠᠷ ᠦᠨᠳᠦᠰᠦᠨ ᠵᠢᠯᠣᠭᠤᠳᠤᠮᠵᠢ ᠪᠣᠯᠭᠠᠬᠤ ᠶᠢ ᠪᠠᠷᠢᠮᠲᠠᠯᠠᠵᠤ᠂ ᠰᠢᠰᠲ᠋ᠧᠮ ᠲᠠᠢ ᠨᠢᠭᠡᠳᠦᠯᠲᠡᠶ ᠲᠥᠯᠥᠪᠵᠢᠭᠦᠯᠬᠦ ᠶᠢ ᠴᠢᠩᠭᠠᠳᠬᠠᠵᠤ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠶᠢ ᠠᠬᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠴᠢᠩᠭᠠᠳᠬᠠᠵᠤ᠂ ᠣᠲᠣ ᠦᠶ᠎ᠡ ᠶᠢᠨ ᠲᠡᠶᠢᠨ ᠤ ᠱᠠᠭᠠᠷᠳᠠᠯᠭ᠎ᠠ ᠳᠤ ᠨᠡᠶᠢᠴᠡᠭᠰᠡᠨ᠂ ᠮᠠᠨ ᠤ ᠴᠡᠷᠢᠭ ᠤᠨ ᠣᠨᠴᠠᠯᠢᠭ ᠲᠠᠢ ᠰᠦᠯᠵᠢᠶᠡᠨ ᠤ ᠮᠡᠳᠡᠭᠡ ᠵᠠᠩᠭᠢ ᠶᠢᠨ ᠰᠢᠰᠲ᠋ᠧᠮ ᠢ ᠪᠠᠶᠢᠭᠤᠯᠵᠤ᠂ ᠰᠢᠰᠲ᠋ᠧᠮᠳᠤ ᠲᠡᠶᠢᠨ ᠬᠢᠬᠦ ᠴᠢᠳᠠᠪᠤᠷᠢ ᠶᠢ ᠲᠦᠷᠭᠡᠨ ᠳᠡᠭᠡᠭᠰᠢᠯᠡᠭᠦᠯᠬᠦ ᠶᠢ ᠴᠢᠨᠠᠷ ᠰᠠᠶᠢᠲᠠᠶ ᠠᠬᠢᠭᠤᠯᠬᠤ ᠬᠡᠷᠡᠭᠲᠡᠶ᠃ ᠴᠡᠷᠢᠭ ᠠᠩᠬᠢ ᠶᠢᠨ ᠰᠠᠭᠤᠷᠢ ᠶᠢ ᠪᠠᠬᠢᠵᠢᠭᠦᠯᠵᠦ᠂ ᠪᠦᠬᠦ ᠲᠠᠯ᠎ᠠ ᠪᠠᠷ ᠴᠡᠷᠢᠭ ᠢ ᠴᠢᠩᠭ᠎ᠠ ᠵᠠᠰᠠᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠴᠢᠩᠭ᠎ᠠ ᠬᠥᠮᠦᠵᠢᠭᠦᠯᠦᠨ ᠬᠠᠮᠢᠶᠠᠷᠴᠤ᠂ ᠵᠢᠩᠬᠢᠨᠢ ᠡᠮᠬᠢ ᠳᠢᠭᠯᠢᠮ ᠢ ᠪᠠᠲᠤᠯᠠᠵᠤ᠂ ᠬᠥᠳᠡᠯᠭᠡᠬᠦ ᠬᠦᠴᠦᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠴᠠᠭᠠᠷᠠᠭᠰᠠᠨ ᠦᠨᠳᠦᠰᠦᠨ ᠱᠠᠳᠤ ᠶᠢ ᠪᠦᠬᠦ ᠲᠠᠯ᠎ᠠ ᠪᠠᠷ ᠳᠠᠪᠲᠠᠨ ᠪᠣᠯᠪᠠᠰᠤᠷᠠᠭᠤᠯᠵᠤ᠂ ᠴᠡᠷᠢᠭ ᠠᠩᠬᠢ ᠶᠢᠨ ᠳᠡᠭᠡᠳᠦ ᠬᠡᠮᠵᠢᠶᠡᠨ ᠤ ᠲᠥᠪᠯᠡᠷᠡᠯ ᠨᠢᠭᠡᠳᠦᠯ ᠪᠣᠯᠤᠨ ᠠᠮᠤᠷ ᠲᠦᠪᠰᠢᠨ ᠲᠣᠭᠲᠠᠭᠤᠨ ᠢ ᠪᠠᠲᠤᠯᠠᠵᠤ᠂ ᠴᠡᠷᠢᠭ ᠠᠩᠬᠢ ᠶᠢᠨ ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠴᠦ᠂ ᠨᠠᠮ ᠪᠣᠯᠤᠨ ᠠᠷᠠᠳ ᠲᠦᠮᠡᠨ ᠠᠴᠠ ᠣᠯᠭᠤᠭᠰᠠᠨ ᠡᠯ᠎ᠡ ᠵᠦᠢᠯ ᠤᠨ ᠡᠭᠦᠷᠭᠡ ᠶᠢ ᠡᠷᠡᠰ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃   ᠯᠢ ᠸᠧᠶ ᠮᠡᠳᠡᠭᠡ ᠵᠠᠩᠭᠢ ᠶᠢᠨ ᠲᠤᠰᠠᠯᠠᠬᠤ ᠴᠡᠷᠢᠭ ᠠᠩᠭᠢ ᠶᠢ ᠲᠥᠯᠥᠭᠡᠯᠡᠨ ᠦᠭᠡ ᠬᠡᠯᠡᠵᠦ᠂ ᠲᠡᠷᠢᠭᠦᠯᠡᠭᠴᠢ ᠰᠢ ᠶᠢᠨ ᠫᠢᠩ ᠤᠨ ᠴᠢᠬᠤᠯᠠ ᠵᠢᠭᠠᠪᠤᠷᠢ ᠶᠢ ᠡᠷᠡᠰ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠪᠣᠯᠤᠨ ᠲᠡᠷᠢᠭᠦᠯᠡᠭᠴᠢ ᠰᠢ ᠶᠢᠨ ᠫᠢᠩ ᠤᠨ ᠵᠢᠯᠣᠭᠤᠳᠣᠯᠭ᠎ᠠ ᠶᠢ ᠡᠷᠡᠰ ᠳᠠᠭᠠᠵᠤ᠂ ᠬᠦᠴᠦ ᠪᠠᠨ ᠲᠥᠪᠯᠡᠷᠡᠭᠦᠯᠦᠨ ᠲᠡᠶᠢᠨ ᠳᠤ ᠪᠡᠯᠡᠳᠭᠡᠵᠦ ᠲᠡᠶᠢᠨ ᠬᠢᠵᠦ᠂ ᠡᠭᠦᠷᠭᠡ ᠬᠠᠷᠢᠭᠤᠴᠠᠯᠭ᠎ᠠ ᠪᠠᠨ ᠦᠨᠡᠨᠴᠢ ᠰᠢᠳᠤᠷᠭᠤ ᠪᠠᠷ ᠭᠦᠢᠴᠡᠳᠭᠡᠵᠦ᠂ ᠨᠠᠮ ᠪᠣᠯᠤᠨ ᠠᠷᠠᠳ ᠲᠦᠮᠡᠨ ᠤ ᠬᠦᠨᠳᠦ ᠬᠦᠰᠡᠯ ᠨᠠᠶᠢᠳᠠᠯᠭ᠎ᠠ ᠶᠢ ᠶᠠᠭᠠᠬᠢᠭᠰᠠᠨ ᠴᠤ ᠬᠥᠰᠡᠷᠳᠡᠭᠦᠯᠬᠦ ᠥᠬᠡᠶ ᠭᠡᠵᠦ ᠢᠯᠡᠳᠭᠡᠪᠡ᠃   ᠶᠡᠭᠡ ᠬᠤᠷᠠᠯ ᠨᠢ ᠰᠦᠷ ᠵᠢᠪᠬᠤᠯᠠᠩᠲᠤ ᠴᠡᠷᠢᠭ ᠤᠨ ᠳᠠᠭᠤᠤ ᠶᠢᠨ ᠠᠶᠠᠰ ᠳᠤᠮᠳᠠ ᠲᠡᠭᠦᠰᠪᠡ᠃ ᠲᠠᠷᠠᠭ᠎ᠠ ᠨᠢ᠂ ᠰᠢ ᠶᠢᠨ ᠫᠢᠩ ᠮᠡᠳᠡᠭᠡ ᠵᠠᠩᠭᠢ ᠶᠢᠨ ᠲᠤᠰᠠᠯᠠᠬᠤ ᠴᠡᠷᠢᠭ ᠠᠩᠬᠢ ᠶᠢᠨ ᠤᠳᠤᠷᠢᠳᠬᠤ ᠪᠠᠭ ᠤᠨ ᠪᠦᠷᠢᠯᠳᠦᠬᠦᠨ ᠨᠠᠷ ᠲᠠᠢ ᠠᠭᠤᠯᠵᠠᠵᠤ᠂ ᠤᠯᠠᠨ ᠲᠠᠢ ᠬᠠᠮᠲᠤ ᠶᠢᠨ ᠬᠡᠷᠡᠯ ᠵᠢᠷᠤᠭ ᠲᠠᠲᠠᠭᠤᠯᠵᠤ ᠳᠤᠷᠠᠰᠬᠠᠯ ᠦᠯᠡᠳᠡᠭᠡᠪᠡ᠃   ᠪᠠᠶᠢᠭᠤᠯᠤᠭᠳᠠᠬᠰᠠᠨ ᠶᠡᠭᠡ ᠬᠤᠷᠠᠯ ᠳᠡᠭᠡᠷ᠎ᠡ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠳᠡᠳ᠋ ᠲᠡᠷᠢᠭᠦᠯᠡᠭᠴᠢ ᠵᠠᠩ ᠵᠢᠦ ᠰᠢᠶᠠ ᠠᠴᠠ ᠰᠢ ᠶᠢᠨ ᠫᠢᠩ ᠤᠨ ᠭᠠᠷ ᠤᠨ ᠦᠰᠦᠭ ᠵᠢᠷᠤᠬᠰᠠᠨ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠮᠡᠳᠡᠭᠡ ᠵᠠᠩᠭᠢ ᠶᠢᠨ ᠲᠤᠰᠠᠯᠠᠬᠤ ᠴᠡᠷᠢᠭ ᠠᠩᠬᠢ ᠶᠢ ᠪᠠᠶᠢᠭᠤᠯᠬᠤ ᠲᠤᠬᠠᠢ ᠵᠠᠷᠯᠢᠭ᠂ ᠮᠡᠳᠡᠭᠡ ᠵᠠᠩᠭᠢ ᠶᠢᠨ ᠲᠤᠰᠠᠯᠠᠬᠤ ᠴᠡᠷᠢᠭ ᠠᠩᠬᠢ ᠶᠢᠨ ᠤᠳᠤᠷᠢᠳᠬᠤ ᠪᠠᠭ ᠤᠨ ᠪᠦᠷᠢᠯᠳᠦᠬᠦᠨ ᠢ ᠲᠤᠰᠢᠶᠠᠯ ᠳᠤ ᠲᠣᠮᠢᠯᠠᠬᠤ ᠵᠠᠷᠯᠢᠭ ᠪᠣᠯᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠪᠦᠷᠢᠯᠳᠦᠯ ᠤᠨ ᠮᠡᠳᠡᠭᠳᠡᠯ ᠢ ᠤᠩᠰᠢᠨ ᠨᠡᠶᠢᠲᠡᠯᠡᠪᠡ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠳᠡᠳ᠋ ᠲᠡᠷᠢᠭᠦᠯᠡᠭᠴᠢ ᠾᠧ ᠸᠧᠢ ᠳ᠋ᠦᠩ ᠶᠡᠭᠡ ᠬᠤᠷᠠᠯ ᠢ ᠡᠷᠬᠢᠯᠡᠪᠡ᠃   ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠭᠡᠰᠢᠭᠦᠨ ᠯᠢᠦ ᠵᠧᠨ ᠯᠢ᠂ ᠮᠢᠶᠣᠣ ᠬᠤᠸᠠ᠂ ᠵᠠᠩ ᠱᠧᠩ ᠮᠢᠨ ᠶᠡᠭᠡ ᠬᠤᠷᠠᠯ ᠳᠤ ᠣᠷᠣᠯᠴᠠᠪᠠ᠃ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠪᠠᠶᠢᠭᠤᠯᠭ᠎ᠠ ᠶᠢᠨ ᠡᠯ᠎ᠡ ᠬᠡᠯᠳᠡᠰ ᠬᠤᠷᠢᠶ᠎ᠠ᠂ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠡᠯ᠎ᠡ ᠰᠢᠭᠤᠳ ᠬᠠᠷᠢᠶ᠎ᠠ ᠪᠠᠶᠢᠭᠤᠯᠤᠮᠵᠢ᠂ ᠡᠯ᠎ᠡ ᠪᠠᠶᠢᠯᠳᠤᠭᠠᠨ ᠤ ᠲᠣᠭᠤᠷᠢᠭ᠂ ᠡᠯ᠎ᠡ ᠴᠡᠷᠢᠭ ᠤᠨ ᠲᠦᠷᠦᠯ᠂ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠡᠯ᠎ᠡ ᠰᠢᠭᠤᠳ ᠬᠠᠷᠢᠶ᠎ᠠ ᠨᠢᠭᠡᠴᠢ᠂ ᠵᠡᠪᠰᠡᠭᠲᠦ ᠴᠠᠭᠳᠠᠭ᠎ᠠ ᠶᠢᠨ ᠴᠡᠷᠢᠭ ᠠᠩᠬᠢ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠥᠬᠦᠳ᠂ ᠡᠯ᠎ᠡ ᠴᠡᠷᠢᠭ ᠤᠨ ᠲᠦᠷᠦᠯ ᠪᠣᠯᠤᠨ ᠵᠡᠪᠰᠡᠭᠲᠦ ᠴᠠᠭᠳᠠᠭ᠎ᠠ ᠶᠢᠨ ᠴᠡᠷᠢᠭ ᠠᠩᠬᠢ ᠶᠢᠨ ᠳᠠᠷᠤᠭ᠎ᠠ ᠪᠠᠶᠢᠯᠳᠤᠭᠴᠢᠳ ᠤᠨ ᠲᠥᠯᠥᠭᠡᠯᠡᠭᠴᠢ᠂ ᠪᠢᠴᠢᠭ ᠤᠨ ᠲᠤᠰᠢᠶᠠᠯᠲᠠᠨ ᠤ ᠲᠥᠯᠥᠭᠡᠯᠡᠭᠴᠢ ᠨᠡᠷ ᠶᠡᠭᠡ ᠬᠤᠷᠠᠯ ᠳᠤ ᠣᠷᠣᠯᠴᠠᠪᠠ᠃   ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠣᠭᠲᠠᠭᠠᠯ ᠢ ᠦᠨᠳᠦᠰᠦᠯᠡᠪᠡᠯ᠂ ᠰᠢᠨ᠎ᠡ ᠪᠠᠷ ᠪᠠᠶᠢᠭᠤᠯᠤᠭᠰᠠᠨ ᠮᠡᠳᠡᠭᠡ ᠵᠠᠩᠭᠢ ᠶᠢᠨ ᠲᠤᠰᠠᠯᠠᠬᠤ ᠴᠡᠷᠢᠭ ᠠᠩᠭᠢ ᠶᠢ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠠᠴᠠ ᠰᠢᠭᠤᠳ ᠤᠳᠤᠷᠢᠳᠤᠨ ᠵᠢᠯᠣᠭᠤᠳᠬᠤ ᠶᠢᠨ ᠬᠠᠮᠲᠤ ᠪᠠᠶᠢᠯᠳᠤᠬᠤ ᠪᠣᠳᠣᠯᠭ᠎ᠠ ᠶᠢᠨ ᠲᠤᠰᠠᠯᠠᠬᠤ ᠴᠡᠷᠢᠭ ᠠᠩᠭᠢ ᠶᠢᠨ ᠳ᠋ᠤᠭᠠᠷ ᠢ ᠬᠠᠰᠤᠵᠤ ᠂ ᠴᠡᠷᠢᠭ ᠤᠨ ᠶᠠᠪᠤᠳᠠᠯ ᠤᠨ ᠰᠠᠨᠰᠠᠷ ᠤᠨ ᠠᠶᠠᠯᠠᠯ ᠤᠨ ᠴᠡᠷᠢᠭ ᠠᠩᠭᠢ᠂ ᠰᠦᠯᠵᠢᠶᠡᠨ ᠤ ᠤᠷᠤᠨ ᠵᠠᠢ ᠶᠢᠨ ᠴᠡᠷᠢᠭ ᠠᠩᠭᠢ ᠶᠢᠨ ᠤᠳᠤᠷᠢᠳᠤᠨ ᠬᠠᠮᠢᠶᠠᠷᠬᠤ ᠬᠠᠷᠢᠴᠠᠭ᠎ᠠ ᠶᠢ ᠬᠠᠷᠠᠭᠠᠯᠵᠠᠭᠤᠯᠤᠨ ᠲᠣᠬᠢᠷᠠᠭᠤᠯᠤᠨ᠎ᠠ᠃   ︵ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 19 ᠤ ᠴᠠᠬᠢᠯᠭᠠᠨ ᠮᠡᠳᠡᠭᠡ︶
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号