ᠰᠢ ᠶᠢᠨ ᠫᠢᠩ ᠪᠣᠯᠤᠨ ᠭᠠᠪᠤᠨ ᠤ ᠰᠢᠯᠵᠢᠯᠲᠡ ᠶᠢᠨ ᠬᠤᠭᠤᠴᠠᠭᠠᠨ ᠤ ᠶᠡᠷᠦᠩᠬᠡᠶᠢᠯᠡᠭᠴᠢ ᠡᠸ᠋ᠨ᠋ᠬᠦᠶᠢᠮᠡ ᠳᠤᠮᠳᠠᠳᠤ ᠭᠠᠪᠤᠨ ᠤ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 50 ᠵᠢᠯ ᠤᠨ ᠤᠢ ᠳᠤ ᠵᠣᠷᠢᠭᠤᠯᠤᠨ ᠬᠠᠷᠢᠯᠴᠠᠨ ᠪᠠᠶᠠᠷ ᠤᠨ ᠴᠠᠬᠢᠯᠭᠠᠨ ᠴᠢᠮᠡᠭᠡ ᠶᠠᠪᠤᠭᠤᠯᠪᠠ
ᠨᠡᠶᠢᠲᠡᠯᠡᠭᠰᠡᠨ ᠴᠠᠭ᠄
2024/4/22
   4 ᠰᠠᠷ᠎ᠠ ᠶᠢᠨ 20 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠣᠯᠤᠨ ᠭᠠᠪᠤᠨ ᠤ ᠰᠢᠯᠵᠢᠯᠲᠡ ᠶᠢᠨ ᠬᠤᠭᠤᠴᠠᠭᠠᠨ ᠤ ᠶᠡᠷᠦᠩᠬᠡᠶᠢᠯᠡᠭᠴᠢ ᠡᠸ᠋ᠨ᠋ᠬᠦᠶᠢᠮᠡ ᠬᠠᠷᠢᠯᠴᠠᠨ ᠪᠠᠶᠠᠷ ᠤᠨ ᠴᠠᠬᠢᠯᠭᠠᠨ ᠴᠢᠮᠡᠭᠡ ᠶᠠᠪᠤᠭᠤᠯᠵᠤ᠂ ᠬᠤᠶᠠᠷ ᠤᠯᠤᠰ ᠤᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 50 ᠵᠢᠯ ᠤᠨ ᠣᠶ ᠶᠢ ᠪᠡᠯᠭᠡᠯᠡᠪᠡ᠃   ᠰᠢ ᠶᠢᠨ ᠫᠢᠩ᠂ ᠳᠤᠮᠳᠠᠳᠤ ᠤᠯᠤᠰ ᠪᠣᠯᠤᠨ ᠭᠠᠪᠤᠨ ᠤᠯᠠᠮᠵᠢᠯᠠᠯᠳᠤ ᠨᠦᠬᠦᠷᠰᠡᠭ ᠬᠠᠷᠢᠯᠴᠠᠭ᠎ᠠ ᠲᠠᠢ ᠪᠠᠶᠢᠵᠤ᠂ ᠬᠤᠶᠠᠷ ᠤᠯᠤᠰ ᠤᠨ ᠨᠥᠬᠦᠷᠯᠡᠯ ᠶᠠᠪᠤᠬᠤ ᠲᠤᠳᠤᠮ ᠪᠡᠳᠤᠵᠢᠵᠤ ᠪᠤᠢ᠃ ᠬᠠᠭᠠᠰ ᠵᠠᠭᠤᠨ ᠤ ᠲᠤᠷᠰᠢ᠂ ᠳᠡᠯᠡᠬᠡᠢ ᠶᠢᠨ ᠪᠠᠶᠢᠳᠠᠯ ᠬᠡᠳᠦᠢ ᠤᠷᠪᠠᠭᠠᠨ ᠬᠥᠷᠪᠡᠭᠡᠨ ᠲᠠᠢ ᠪᠠᠶᠢᠭᠰᠠᠨ ᠴᠤ᠂ ᠳᠤᠮᠳᠠᠳᠤ ᠭᠠᠪᠤᠨ ᠢᠮᠠᠭᠲᠠ ᠡᠷᠬᠡ ᠲᠡᠭᠰᠢ ᠪᠠᠷ ᠬᠠᠨᠳᠤᠯᠴᠠᠵᠤ᠂ ᠬᠠᠷᠢᠯᠴᠠᠨ ᠳᠡᠮᠵᠢᠵᠦ᠂ ᠬᠤᠶᠠᠷ ᠲᠠᠯ᠎ᠠ ᠶᠢᠨ ᠬᠠᠷᠢᠯᠴᠠᠭ᠎ᠠ ᠶᠢᠨ ᠶᠠᠰᠤ ᠴᠢᠨᠠᠷ ᠲᠠᠰᠤᠷᠠᠯᠳᠡ ᠦᠭᠡᠢ ᠳᠡᠭᠡᠭᠰᠢᠯᠡᠨ ᠲᠡᠰ ᠲᠠᠪᠰᠢᠵᠤ᠂ ᠬᠤᠶᠠᠷ ᠤᠯᠤᠰ ᠤᠨ ᠠᠷᠠᠳ ᠲᠦᠮᠡᠨ ᠳᠤ ᠦᠨᠡᠨ ᠪᠣᠳᠠᠲᠠᠢ ᠪᠤᠶᠠᠨ ᠵᠢᠷᠭᠠᠯ ᠠᠪᠴᠢᠷᠠᠪᠠ᠃ ᠪᠢ ᠳᠤᠮᠳᠠᠳᠤ ᠭᠠᠪᠤᠨ ᠤ ᠬᠠᠷᠢᠯᠴᠠᠭ᠎ᠠ ᠶᠢᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠠ᠂ ᠳᠤᠷᠠᠲᠠᠶ᠎ᠠ ᠶᠡᠷᠦᠩᠬᠡᠶᠢᠯᠡᠭᠴᠢ ᠤᠨ᠋ᠭᠦ᠋ᠢᠮᠠ ᠲᠠᠢ ᠬᠠᠮᠲᠤ ᠪᠠᠷ ᠴᠢᠷᠮᠠᠶᠢᠵᠤ᠂ ᠬᠤᠶᠠᠷ ᠤᠯᠤᠰ ᠤᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 50 ᠵᠢᠯ ᠤᠨ ᠤᠢ ᠪᠠᠷ ᠰᠢᠨ᠎ᠡ ᠭᠠᠷᠤᠭ᠎ᠠ ᠪᠣᠯᠭᠠᠵᠤ᠂ ᠳᠤᠮᠳᠠᠳᠤ ᠭᠠᠪᠤᠨ ᠤ ᠤᠯᠠᠮᠵᠢᠯᠠᠯᠲᠤ ᠨᠥᠬᠦᠷᠯᠡᠯ ᠢ ᠦᠷᠭᠦᠯᠵᠢᠯᠡᠭᠦᠯᠵᠦ᠂ ᠬᠤᠶᠠᠷ ᠲᠠᠯ᠎ᠠ ᠶᠢᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠳᠤᠮᠳᠠᠳᠤ ᠭᠠᠪᠤᠨ ᠤ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠶᠢᠨ ᠠᠭᠤᠯᠤᠭᠳᠠᠬᠤᠨ ᠢ ᠪᠠᠶᠠᠯᠢᠭᠵᠢᠭᠤᠯᠵᠤ᠂ ᠭᠠᠷ ᠬᠤᠯᠪᠣᠨ ᠥᠨᠳᠥᠷ ᠲᠦᠪᠰᠢᠨ ᠪᠦᠬᠦᠢ ᠳᠤᠮᠳᠠᠳᠤ ᠠᠹᠷᠢᠺᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠤᠨ᠎ᠠ ᠭᠡᠵᠦ ᠵᠢᠭᠠᠵᠤ ᠭᠠᠷᠭᠠᠪᠠ᠃   ᠡᠸ᠋ᠨ᠋ᠬᠦᠶᠢᠮᠡ᠂ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 50 ᠵᠢᠯ ᠤᠨ ᠲᠤᠷᠰᠢ᠂ ᠭᠠᠪᠤᠨ ᠳᠤᠮᠳᠠᠳᠤ ᠬᠤᠶᠠᠷ ᠤᠯᠤᠰ ᠬᠠᠷᠢᠯᠴᠠᠨ ᠢᠲᠡᠭᠡᠵᠦ᠂ ᠦᠨᠡᠨᠴᠢ ᠪᠠᠷ ᠬᠠᠨᠳᠤᠵᠤ᠂ ᠬᠤᠶᠠᠷ ᠲᠠᠯ᠎ᠠ ᠶᠢᠨ ᠬᠠᠷᠢᠯᠴᠠᠭ᠎ᠠ ᠲᠣᠭᠲᠠᠭᠤᠨ ᠢᠶᠠᠷ ᠬᠥᠭᠵᠢᠵᠦ᠂ ᠠᠵᠤ ᠠᠬᠤᠢ᠂ ᠨᠡᠶᠢᠭᠡᠮ ᠪᠣᠯᠤᠨ ᠴᠡᠷᠢᠭ ᠤᠨ ᠶᠠᠪᠤᠳᠠᠯ ᠵᠡᠷᠭᠡ ᠬᠦᠷᠢᠶᠡᠨ ᠳᠠᠬᠢ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠦᠯᠡᠮᠵᠢ ᠦᠷ᠎ᠡ ᠪᠦᠲᠦᠭᠡᠯ ᠤᠯᠪᠠ᠃ ᠭᠠᠪᠤᠨ ᠤ ᠲᠠᠯ᠎ᠠ ᠶᠢᠨ ᠬᠢᠨ ᠨᠢᠭᠡ ᠳᠤᠮᠳᠠᠳᠤ ᠤᠯᠤᠰ ᠪᠠᠶᠢᠬᠤ ᠵᠠᠷᠴᠢᠮ ᠢ ᠡᠷᠡᠰ ᠬᠡᠷᠡᠭᠵᠢᠭᠦᠯᠵᠦ᠂ ᠲᠠᠶᠢᠸᠠᠨ ᠪᠣᠯ ᠳᠤᠮᠳᠠᠳᠤ ᠤᠯᠤᠰ ᠤᠨ ᠰᠠᠯᠵᠤ ᠪᠣᠯᠤᠰᠢ ᠦᠭᠡᠢ ᠨᠢᠭᠡ ᠬᠡᠰᠡᠭ ᠮᠥᠨ ᠭᠡᠵᠦ ᠦᠵᠡᠵᠦ ᠪᠠᠶᠢᠨ᠎ᠠ᠃ ᠭᠠᠪᠤᠨ ᠤ ᠬᠢᠨ ᠳᠤᠷᠠᠲᠠᠶ᠎ᠠ ᠳᠤᠮᠳᠠᠳᠤ ‍ᠤᠮᠤᠰ ᠲᠠᠢ ᠬᠠᠮᠲᠤ ᠪᠠᠷ᠂ ᠭᠠᠪᠤᠨ ᠳᠤᠮᠳᠠᠳᠤ ᠶᠢᠨ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠶᠢᠨ ᠲᠠᠰᠤᠷᠠᠯᠳᠠ ᠦᠭᠡᠢ ᠪᠠᠬᠢᠵᠢᠨ ᠬᠥᠭᠵᠢᠬᠦ ᠶᠢ ᠠᠬᠢᠭᠤᠯᠵᠤ᠂ ᠬᠤᠶᠠᠷ ᠤᠯᠤᠰ ᠤᠨ ᠠᠷᠠᠳ ᠲᠦᠮᠡᠨ ᠳᠤ ᠪᠤᠶᠠᠨ ᠦᠢᠯᠡᠳᠦᠨ᠎ᠡ ᠭᠡᠵᠦ ᠢᠯᠡᠳᠭᠡᠪᠡ᠃   ︵ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 20 ᠤ ᠴᠠᠬᠢᠯᠭᠠᠨ ᠮᠡᠳᠡᠭᠡ︶
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号