︽ᠰᠢ ᠶᠢᠨ ᠫᠢᠩ ᠤᠨ ᠴᠢᠳᠠᠪᠤᠷᠢᠲᠠᠨ ᠤ ᠠᠵᠢᠯ ᠤᠨ ᠲᠤᠬᠠᠶ ᠥᠭᠦᠯᠡᠯᠲᠡ ᠶᠢᠨ ᠲᠡᠭᠦᠪᠦᠷᠢ︾ ᠶᠢ ᠬᠡᠪᠯᠡᠨ ᠲᠠᠷᠬᠠᠭᠠᠪᠠ
ᠨᠡᠶᠢᠲᠡᠯᠡᠭᠰᠡᠨ ᠴᠠᠭ᠄
2024/4/22
   ᠨᠠᠮ ᠤᠨ ᠲᠥᠪ ᠬᠤᠷᠢᠶ᠎ᠠ ᠶᠢᠨ ᠨᠠᠮ ᠤᠨ ᠲᠡᠦᠬᠡ ᠪᠠ ᠲᠤᠯᠭᠤᠷ ᠪᠢᠴᠢᠭ ᠤᠨ ᠰᠤᠳᠤᠯᠭᠠᠨ ᠤ ᠬᠦᠷᠢᠶᠡᠯᠡᠩ ᠤᠨ ᠨᠠᠶᠢᠷᠠᠭᠤᠯᠤᠭᠰᠠᠨ ︽ᠰᠢ ᠶᠢᠨ ᠫᠢᠩ ᠤᠨ ᠴᠢᠳᠠᠪᠤᠷᠢᠲᠠᠨ ᠤ ᠠᠵᠢᠯ ᠤᠨ ᠲᠤᠬᠠᠢ ᠥᠭᠦᠯᠡᠯᠲᠡ ᠶᠢᠨ ᠲᠡᠭᠦᠪᠦᠷᠢ︾ ᠭᠡᠬᠦ ᠨᠣᠮ ᠢ ᠤᠢᠢᠷ᠎ᠠ ᠳᠤ ᠲᠥᠪ ᠤᠨ ᠲᠤᠯᠭᠤᠷ ᠪᠢᠴᠢᠭ ᠤᠨ ᠬᠡᠪᠯᠡᠯ ᠤᠨ ᠬᠤᠷᠢᠶ᠎ᠠ ᠠᠴᠠ ᠬᠡᠪᠯᠡᠭᠦᠯᠵᠦ᠂ ᠪᠦᠬᠦ ᠤᠯᠤᠰ ᠲᠤ ᠲᠠᠷᠬᠠᠭᠠᠪᠠ᠃   ᠴᠢᠳᠠᠪᠤᠷᠢᠳᠡᠨ ᠠᠬᠤᠢ ᠶᠢᠨ ᠤᠴᠢᠷ᠎ᠠ ᠭᠠᠪᠢᠶ᠎ᠠ ᠵᠢᠳᠭᠦᠯ ᠪᠦᠳᠦᠮᠤᠢ᠂ ᠴᠢᠳᠠᠪᠤᠷᠢᠳᠡᠨ ᠠᠬᠤᠢ ᠶᠢᠨ ᠬᠠᠷᠠᠭ᠎ᠠ ᠪᠠᠷ ᠠᠵᠢᠯ ᠦᠢᠯᠡᠰ ᠬᠦᠭᠵᠢᠮᠤᠢ᠃ ᠮᠣᠷᠠᠯ ᠴᠢᠳᠠᠪᠤᠷᠢ ᠬᠤᠣᠰᠯᠠᠭᠰᠠᠨ ᠦᠨᠳᠦᠷ ᠬᠡᠪ ᠪᠤᠯᠪᠠᠰᠤᠷᠠᠯ ᠪᠦᠬᠦᠢ ᠦᠯᠡᠮᠵᠢ ᠤᠯᠠᠨ ᠴᠢᠳᠠᠪᠤᠷᠢᠲᠠᠨ ᠢ ᠬᠥᠮᠦᠵᠢᠭᠦᠯᠦᠨ ᠪᠤᠶᠢᠵᠢᠭᠤᠯᠬᠤ ᠪᠣᠯ ᠤᠯᠤᠰ ᠣᠷᠣᠨ ᠪᠠ ᠦᠨᠳᠦᠰᠦᠲᠡᠨ ᠤ ᠠᠯᠤᠰ ᠬᠡᠳᠦ ᠶᠢᠨ ᠬᠥᠭᠵᠢᠯᠲᠡ ᠶᠢᠨ ᠶᠡᠭᠡ ᠪᠤᠳᠤᠯᠭ᠎ᠠ ᠮᠥᠨ᠃   ᠮᠠᠨ ᠤ ᠨᠠᠮ ᠴᠢᠳᠠᠪᠤᠷᠢᠲᠠᠨ ᠢ ᠬᠥᠮᠦᠵᠢᠭᠦᠯᠬᠦ᠂ ᠴᠢᠳᠠᠪᠤᠷᠢᠲᠠᠨ ᠲᠠᠢ ᠪᠦᠯᠬᠦᠮᠳᠡᠬᠦ᠂ ᠴᠢᠳᠠᠪᠤᠷᠢᠲᠠᠨ ᠢ ᠬᠥᠲᠥᠯᠥᠨ ᠳᠠᠭᠠᠭᠤᠯᠬᠤ᠂ ᠴᠢᠳᠠᠪᠤᠷᠢᠲᠠᠨ ᠤ ᠠᠮᠵᠢᠯᠳᠠ ᠤᠯᠬᠤ ᠶᠢ ᠲᠡᠮᠵᠢᠬᠦ ᠶᠢ ᠢᠮᠠᠭᠲᠠ ᠴᠢᠬᠤᠯᠠᠴᠢᠯᠠᠵᠤ᠂ ᠡᠯ᠎ᠡ ᠲᠠᠯ᠎ᠠ ᠶᠢᠨ ᠴᠢᠳᠠᠪᠤᠷᠢᠲᠠᠨ ᠲᠠᠢ ᠪᠦᠯᠬᠦᠮᠳᠡᠵᠦ ᠨᠠᠮ ᠪᠠ ᠠᠷᠠᠳ ᠲᠦᠮᠡᠨ ᠤ ᠦᠢᠯᠡᠰ ᠤᠨ ᠲᠥᠯᠥᠭᠡ ᠭᠠᠪᠢᠶ᠎ᠠ ᠪᠠᠶᠢᠭᠤᠯᠵᠤ ᠦᠢᠯᠡᠰ ᠪᠦᠳᠦᠭᠡᠬᠦ ᠶᠢ ᠨᠢ ᠳᠡᠮᠵᠢᠭᠰᠡᠭᠡᠷ ᠢᠷᠡᠭᠰᠡᠨ ᠶᠤᠮ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠪᠣᠯ ᠨᠢᠭᠡᠳᠦᠭᠡᠷ ᠦᠢᠯᠡᠳᠪᠦᠷᠢᠯᠡᠯ ᠤᠨ ᠬᠦᠴᠦᠨ᠂ ᠴᠢᠳᠠᠪᠤᠷᠢᠲᠠᠨ ᠪᠣᠯ ᠨᠢᠭᠡᠳᠦᠭᠡᠷ ᠡᠬᠢ ᠪᠠᠶᠠᠯᠢᠭ᠂ ᠰᠢᠨ᠎ᠡ ᠶᠢ ᠡᠭᠦᠳᠬᠦ ᠪᠣᠯ ᠨᠢᠭᠡᠳᠦᠭᠡᠷ ᠬᠥᠳᠡᠯᠭᠡᠬᠦ ᠬᠦᠴᠦᠨ ᠪᠣᠯᠬᠤ ᠶᠢ ᠪᠠᠷᠢᠮᠲᠠᠯᠠᠵᠤ᠂ ᠴᠢᠳᠠᠪᠤᠷᠢᠲᠠᠨ ᠤ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠪᠦᠬᠦ ᠲᠠᠯ᠎ᠠ ᠪᠠᠷ ᠴᠢᠩᠭᠠᠳᠬᠠᠵᠤ᠂ ᠴᠢᠳᠠᠪᠤᠷᠢᠲᠠᠨ ᠢᠶᠠᠷ ᠬᠥᠭᠵᠢᠯᠲᠡ ᠶᠢ ᠬᠦᠳᠦᠯᠦᠨ ᠳᠠᠭᠠᠭᠤᠯᠬᠤ ᠪᠠᠶᠢᠯᠳᠤᠬᠤ ᠪᠤᠳᠤᠯᠭ᠎ᠠ ᠶᠢᠨ ᠪᠠᠶᠢᠷᠢ ᠰᠠᠭᠤᠷᠢ ᠶᠢ ᠲᠣᠭᠲᠠᠭᠠᠵᠤ᠂ ᠰᠢᠨ᠎ᠡ ᠴᠠᠭ ᠦᠶ᠎ᠡ ᠶᠢᠨ ᠴᠢᠳᠠᠪᠤᠷᠢᠲᠠᠨ ᠤ ᠠᠵᠢᠯ ᠳᠤ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ ᠣᠯᠵᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠬᠤ ᠶᠢ ᠠᠬᠢᠭᠤᠯᠪᠠ᠃ ᠰᠢ ᠶᠢᠨ ᠫᠢᠩ ᠨᠥᠬᠦᠷ ᠤᠨ ᠴᠢᠳᠠᠪᠤᠷᠢᠲᠠᠨ ᠤ ᠠᠵᠢᠯ ᠤᠨ ᠲᠣᠭᠤᠷᠢᠨ ᠳᠤ ᠨᠡᠶᠢᠲᠡᠯᠡᠭᠰᠡᠨ ᠠᠯᠢ ᠣᠯᠠᠨ ᠴᠢᠬᠤᠯᠠ ᠥᠭᠦᠯᠡᠯᠲᠡ ᠨᠢ ᠤᠳᠬ᠎ᠠ ᠰᠠᠨᠠᠭ᠎ᠠ ᠬᠦᠨ ᠬᠦᠨᠵᠠᠭᠡᠢ ᠠᠯᠤᠰ ᠭᠡᠳᠤ ᠶᠢᠨ ᠠᠴᠢ ᠬᠤᠯᠪᠤᠬᠳᠠᠯ ᠲᠠᠢ᠂ ᠠᠭᠤᠯᠤᠬᠳᠠᠬᠤᠨ ᠡᠯᠪᠡᠭ ᠪᠠᠶᠠᠯᠢᠭ᠂ ᠦᠵᠡᠯ ᠰᠠᠨᠠᠭ᠎ᠠ ᠭᠦᠨ ᠭᠦᠨᠵᠡᠭᠡᠶ ᠪᠠᠶᠢᠵᠤ᠂ ᠶᠠᠭᠤᠨ ᠳᠤ ᠴᠢᠳᠠᠪᠤᠷᠢᠲᠠᠨ ᠤ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ᠂ ᠶᠠᠭᠤ ᠶᠢ ᠴᠢᠳᠠᠪᠤᠷᠢᠲᠠᠨ ᠤ ᠬᠦᠴᠦᠷᠬᠡᠭ ᠤᠯᠤᠰ ᠭᠡᠬᠦ᠂ ᠴᠢᠳᠠᠪᠤᠷᠢᠲᠠᠨ ᠤ ᠬᠦᠴᠦᠷᠬᠡᠭ ᠤᠯᠤᠰ ᠢ ᠬᠡᠷᠬᠢᠨ ᠪᠦᠲᠦᠭᠡᠨ ᠪᠠᠶᠢᠭᠤᠯᠬᠤ ᠴᠢᠬᠤᠯᠠ ᠶᠡᠭᠡ ᠣᠨᠣᠯ ᠤᠨ ᠪᠠ ᠦᠢᠯᠡᠳᠦᠯᠭᠡ ᠶᠢᠨ ᠠᠰᠠᠭᠤᠳᠠᠯ ᠳᠤ ᠭᠦᠨᠵᠡᠭᠡᠶ ᠬᠠᠷᠢᠭᠤᠯᠲᠠ ᠥᠭᠴᠦ᠂ ᠰᠢᠨ᠎ᠡ ᠴᠠᠭ ᠦᠶ᠎ᠡ ᠶᠢᠨ ᠴᠢᠳᠠᠪᠤᠷᠢᠲᠠᠨ ᠤ ᠠᠵᠢᠯ ᠤᠨ ᠰᠢᠨ᠎ᠡ ᠣᠶᠢᠯᠠᠭᠠᠭᠳᠠᠬᠤᠨ ᠰᠢᠨ᠎ᠡ ᠪᠠᠶᠢᠯᠳᠤᠬᠤ ᠪᠤᠳᠤᠯᠭ᠎ᠠ ᠰᠢᠨ᠎ᠡ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠴᠢᠳᠠᠪᠤᠷᠢᠲᠠᠨ ᠢᠶᠠᠷ ᠤᠯᠤᠰ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠤᠳᠤᠯᠭ᠎ᠠ ᠶᠢ ᠭᠦᠨᠵᠡᠭᠡᠢ ᠬᠡᠷᠡᠭᠵᠢᠭᠦᠯᠵᠦ᠂ ᠳᠡᠯᠡᠬᠡᠢ ᠶᠢᠨ ᠴᠢᠬᠤᠯᠠ ᠴᠢᠳᠠᠪᠤᠷᠢᠲᠠᠨ ᠤ ᠲᠥᠪ ᠪᠠ ᠰᠢᠨ᠎ᠡ ᠶᠢ ᠡᠭᠦᠳᠬᠦ ᠥᠨᠳᠦᠷᠯᠢᠭ ᠢ ᠲᠦᠷᠭᠡᠳᠭᠡᠨ ᠪᠠᠶᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠳᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠬᠦ ᠲᠠᠯ᠎ᠠ ᠪᠠᠷ ᠠᠬᠢᠭᠤᠯᠬᠤ ᠳᠤ ᠴᠢᠳᠠᠪᠤᠷᠢᠲᠠᠨ ᠤ ᠲᠤᠯᠭᠠᠭᠤᠷᠢᠯᠠᠯ ᠬᠠᠩᠭᠠᠵᠤ᠂ ᠴᠢᠳᠠᠪᠤᠷᠢᠲᠠᠨ ᠤ ᠰᠠᠭᠤᠷᠢ ᠶᠢ ᠰᠠᠶᠢᠲᠤᠷ ᠲᠠᠯᠪᠢᠬᠤ ᠳᠤ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃   ︽ᠥᠭᠦᠯᠡᠯᠲᠡ ᠶᠢᠨ ᠲᠡᠭᠦᠪᠦᠷᠢ︾ ᠨᠢ 7 ᠲᠤᠰᠬᠠᠢ ᠰᠡᠳᠦᠪ ᠬᠤᠪᠢᠶᠠᠵᠤ᠂ ᠨᠡᠶᠢᠳᠡ 248 ᠬᠡᠰᠡᠭ ᠥᠭᠦᠯᠡᠯᠲᠡ ᠶᠢ ᠤᠷᠤᠭᠤᠯᠵᠤ᠂ ᠰᠢ ᠶᠢᠨ ᠫᠢᠩ ᠨᠥᠬᠦᠷ ᠤᠨ 2012 ᠣᠨ ᠤ 12 ᠰᠠᠷ᠎ᠠ ᠠᠴᠠ 2024 ᠣᠨ ᠤ 3 ᠰᠠᠷ᠎ᠠ ᠪᠣᠯᠲᠠᠯᠠᠬᠢ ᠬᠤᠭᠤᠴᠠᠭᠠᠨ ᠤ ᠢᠯᠡᠳᠬᠡᠯ᠂ ᠶᠠᠷᠢᠶ᠎ᠠ᠂ ᠵᠢᠭᠠᠪᠤᠷᠢ᠂ ᠴᠣᠬᠤᠯᠠᠪᠤᠷᠢ᠂ ᠪᠠᠶᠠᠷ ᠤᠨ ᠵᠠᠬᠢᠳᠠᠯ᠂ ᠬᠠᠷᠢᠭᠤ ᠵᠠᠬᠢᠳᠠᠯ ᠵᠡᠷᠭᠡ 110 ᠭᠠᠷᠤᠢ ᠴᠢᠬᠤᠯᠠ ᠲᠤᠯᠭᠤᠷ ᠪᠢᠴᠢᠭ ᠠᠴᠠ ᠲᠡᠬᠦᠪᠤᠷᠢᠯᠡᠨ ᠤᠷᠤᠭᠤᠯᠪᠠ᠃ ᠡᠭᠦᠨ ᠳᠤ ᠬᠡᠰᠡᠭ ᠥᠭᠦᠯᠡᠯᠲᠡ ᠶᠢ ᠨᠢ ᠠᠩᠬ᠎ᠠ ᠤᠳᠠᠭ᠎ᠠ ᠢᠯᠡ ᠪᠠᠷ ᠨᠡᠶᠢᠲᠡᠯᠡᠵᠦ ᠪᠠᠶᠢᠨ᠎ᠠ᠃   ︵ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 21 ᠤ ᠴᠠᠬᠢᠯᠭᠠᠨ ᠮᠡᠳᠡᠭᠡ︶
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号